ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠳᠦᠰᠦᠯᠡᠶ᠎ᠡ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠣᠩᠭᠤᠨ ᠲᠣᠮᠢᠯᠠᠭᠰᠠᠨ ᠳᠣᠰᠬᠤᠨ ᠳᠤ ᠰᠠᠭᠤᠵᠤ ᠬᠠᠪᠰᠤᠷᠤᠨ ᠳᠡᠳᠬᠦᠬᠦ ᠬᠤᠶᠠᠷ ᠺᠠᠳ᠋ᠷ ᠠᠵᠢᠯ ᠤᠨ ᠪᠠᠶᠢᠷᠢ ᠳᠤ ᠪᠠᠨ ᠭᠠᠷᠪᠠ
ᠨᠡᠶᠢᠲᠡᠯᠡᠭᠰᠡᠨ ᠴᠠᠭ᠄
2021/10/22

     10 ᠰᠠᠷ᠎ᠠ ᠶᠢᠨ 18— 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠠᠴᠠ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠢᠨᠠᠬᠤ ᠲᠥᠪ ᠤᠨ ᠳᠡᠳ᠋ ᠡᠷᠬᠢᠯᠡᠭᠴᠢ ᠲᠠᠩᠰᠤᠭ᠂

ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠠᠵᠢᠯ ᠣᠯᠭᠤᠵᠤ ᠦᠢᠯᠡᠰ ᠪᠤᠰᠬᠠᠬᠤ

ᠦᠢᠯᠡᠴᠢᠯᠡᠭᠡᠨ ᠤ ᠲᠥᠪ ᠤᠨ ᠳᠡᠳ᠋ ᠰᠠᠯᠠᠭᠠᠨ ᠳᠠᠷᠤᠭ᠎ᠠ ᠵᠠᠩ ᠵᠢᠶᠠᠨ ᠭᠤᠸᠠᠩ ᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠢᠶᠠᠷ ᠰᠣᠩᠭᠤᠨ ᠲᠣᠮᠢᠯᠠᠵᠤ᠂

ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠯᠦᠪᠲᠡᠶ᠎ᠡ ᠪᠠᠯᠭᠠᠰᠤᠨ ᠤ

ᠤᠯᠠᠭᠠᠨ ᠲᠤᠭ ᠲᠣᠰᠬᠤᠨ ᠪᠣᠯᠤᠨ ᠮᠤᠤ ᠵᠢᠶᠠ ᠫᠦ᠋ ᠲᠣᠰᠬᠤᠨ ᠳᠤ 2 ᠵᠢᠯ ᠤᠨ ᠬᠤᠭᠤᠴᠠᠭ᠎ᠠ ᠲᠠᠢ ᠲᠣᠰᠬᠤᠨ ᠳᠤ

ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃

     ᠬᠤᠶᠠᠷ ᠺᠠᠳ᠋ᠷ ᠢ ᠮᠣᠷᠳᠠᠬᠤ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠳᠡᠳ᠋ ᠳᠠᠷᠤᠭ᠎ᠠ ᠴᠧᠩ ᠲᠤᠤ

ᠨᠥᠬᠦᠷ ᠠᠴᠠ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ

ᠲᠣᠰᠬᠤᠨ ᠳᠤ ᠰᠠᠭᠤᠬᠤ ᠺᠠᠳ᠋ᠷ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠲᠠᠶᠢᠴᠢᠯᠠᠯᠳᠠ ᠶᠢᠨ ᠶᠠᠷᠢᠯᠴᠠᠬᠤ

ᠬᠤᠷᠠᠯ ᠢ ᠡᠷᠬᠢᠯᠡᠨ ᠬᠤᠷᠠᠯᠳᠤᠭᠤᠯᠪᠠ᠃ 18 ᠤ ᠡᠳᠦᠷ᠂ ᠰᠤᠷᠭᠠᠨ ᠬᠥᠮᠦᠵᠢᠯ ᠤᠨ ᠲᠢᠩᠬᠢᠮ ᠤᠨ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ ᠵᠦ ᠭᠤᠸᠠᠩ ᠶᠤᠸᠠᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠵᠢᠴᠢ

ᠬᠤᠯᠪᠤᠭᠳᠠᠬᠤ ᠨᠢᠭᠡᠴᠢ ᠶᠢᠨ ᠬᠠᠷᠢᠭᠤᠴᠠᠯᠭᠠᠲᠠᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠤᠶᠠᠷ ᠺᠠᠳ᠋ᠷ ᠢ

ᠲᠤᠰᠢᠶᠠᠯ ᠤᠨ ᠭᠠᠵᠠᠷ ᠬᠦᠷᠭᠡᠪᠡ᠃

     ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠣᠷᠳᠣᠨ ᠠᠵᠢᠯ ᠵᠣᠯᠭᠠᠭᠤᠯᠬᠤ ᠰᠠᠭᠤᠳᠠᠯ ᠤᠨ

ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠳ᠋ ᠬᠤᠰᠢᠭᠤᠨ ᠳᠠᠷᠤᠭ᠎ᠠ ᠸᠠᠩ ᠮᠧᠩ ᠰᠤᠷᠭᠠᠨ

ᠬᠥᠮᠦᠵᠢᠯ ᠤᠨ ᠲᠢᠩᠬᠢᠮ ᠤᠨ ᠬᠢᠨ ᠤ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ

ᠪᠥᠭᠡᠳ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠨ ᠪᠠᠶᠢᠳᠠᠯ ᠪᠣᠯᠤᠨ ᠰᠤᠷᠭᠠᠨ ᠬᠥᠮᠦᠵᠢᠯ ᠤᠨ

ᠪᠠᠶᠢᠷᠢᠰᠢᠭᠤᠯᠤᠯᠲᠠ ᠲᠠᠢ ᠬᠤᠯᠪᠤᠭᠳᠠᠬᠤ ᠪᠠᠶᠢᠳᠠᠯ ᠢ ᠲᠠᠨᠢᠯᠴᠠᠭᠤᠯᠪᠠ᠃ ᠵᠦ ᠭᠤᠸᠠᠩ ᠶᠤᠸᠠᠨ ᠠᠴᠠ ᠲᠣᠰᠬᠤᠨ ᠳᠤ

ᠰᠠᠭᠤᠵᠤ ᠬᠠᠪᠰᠤᠷᠤᠨ ᠲᠡᠳᠬᠦᠬᠦ ᠺᠠᠳ᠋ᠷ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠵᠣᠷᠢᠭᠲᠠᠢ ᠪᠠᠷ

ᠰᠢᠨ᠎ᠡ ᠶᠢ ᠡᠭᠦᠳᠴᠦ᠂ ᠰᠢᠷᠭᠠᠭᠤ ᠰᠡᠳᠬᠢᠵᠦ᠂ ᠰᠡᠳᠬᠢᠯ ᠲᠠᠶᠢᠪᠤᠭᠤ᠂ ᠰᠠᠨᠠᠭ᠎ᠠ ᠠᠮᠤᠷ᠂ ᠰᠡᠳᠬᠢᠯ ᠲᠠᠯᠪᠢᠨ

ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠳᠦᠰᠦᠯᠡᠵᠦ᠂ ᠤᠯᠠᠨ ᠲᠦᠮᠡᠨ ᠳᠤ

ᠪᠣᠳᠠᠲᠤ ᠠᠵᠢᠯ ᠬᠢᠵᠦ ᠥᠭᠬᠦ ᠪᠠᠷ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ

ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ

ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢᠨ ᠬᠠᠮᠲᠤ ᠥᠯᠥᠪᠲᠡᠶ᠎ᠡ ᠪᠠᠯᠭᠠᠰᠤ

ᠪᠣᠯᠤᠨ ᠪᠠᠶᠢᠭ᠎ᠠ ᠲᠣᠰᠬᠤᠨ ᠤ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠲᠠᠯᠠᠪᠤᠷ ᠲᠤ

ᠬᠦᠴᠢᠷ ᠢ ᠲᠤᠭᠤᠯᠤᠨ ᠪᠣᠭᠤᠮᠲᠠ ᠰᠢᠪᠲᠤᠯᠬᠤ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃

     ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠲᠠᠩᠰᠤᠭ ᠪᠣᠯᠤᠨ ᠵᠠᠩ ᠵᠢᠶᠠᠨ ᠭᠤᠸᠠᠩ ᠠᠴᠠ

ᠥᠳᠲᠡᠷ ᠲᠦᠷᠭᠡᠨ ᠠᠵᠢᠯ ᠳᠤ ᠪᠠᠨ ᠳᠠᠰᠴᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂

ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠭᠤᠣᠯᠳᠠᠯᠭ᠎ᠠ ᠶᠢ ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠵᠤ᠂

ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠡᠳᠬᠢᠯ ᠲᠠᠯᠪᠢᠨ ᠰᠠᠶᠢᠲᠤᠷ ᠥᠷᠨᠢᠭᠦᠯᠵᠦ᠂ ᠡᠪ ᠬᠠᠮᠲᠤ

ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡᠯᠡᠯ ᠢᠶᠠᠨ ᠪᠡᠶᠡᠯᠡᠭᠦᠯᠦᠨ᠎ᠡ ᠭᠡᠵᠡᠭᠡᠪᠡ᠃ ᠳᠠᠷᠠᠭ᠎ᠠ ᠨᠢ᠂ ᠰᠤᠷᠭᠠᠨ

ᠬᠥᠮᠦᠵᠢᠯ ᠤᠨ ᠲᠢᠩᠬᠢᠮ ᠤᠨ ᠬᠢᠨ ᠤᠯᠠᠭᠠᠨ ᠲᠤᠭ ᠲᠣᠰᠬᠤᠨ ᠪᠠ ᠮᠤᠤ ᠵᠢᠶᠠ ᠫᠦ᠋ ᠲᠣᠰᠬᠤᠨ ᠳᠤ ᠭᠦᠨᠵᠡᠭᠡᠶᠢᠷᠡᠵᠦ᠂

ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠤᠨ ᠠᠵᠢᠯ ᠪᠠ ᠠᠮᠢᠳᠤᠷᠠᠯ ᠤᠨ ᠣᠷᠴᠢᠨ ᠢ ᠪᠠᠶᠢᠴᠠᠭᠠᠨ

ᠦᠵᠡᠵᠦ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠣᠷᠣᠰᠢᠵᠤ ᠪᠠᠶᠢᠭ᠎ᠠ

ᠭᠤᠤᠯ ᠬᠦᠴᠢᠷᠳᠡᠯ ᠪᠠ ᠠᠰᠠᠭᠤᠳᠠᠯ ᠢ ᠪᠠᠶᠢᠴᠠᠭᠠᠨ ᠰᠣᠳᠤᠯᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号