ᠨᠠᠮ ᠮᠢᠨᠢ ᠰᠠᠨᠠᠭ᠎ᠠ ᠠᠮᠤᠷ ᠪᠠᠶᠢᠭᠠᠷᠠᠢ ᠬᠢᠵᠢᠭ ᠲᠠᠢ ᠲᠡᠮᠡᠴᠡᠬᠦ ᠳᠤ ᠪᠢ ᠪᠣᠢ — ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ᠭᠤᠤᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/11/23
     11 ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠠᠴᠠ ᠵᠣᠬᠢᠶᠠᠨ ᠪᠠᠶᠢᠭᠤᠯᠤᠭᠰᠠᠨ ᠨᠠᠮ ᠮᠢᠨᠢ ᠰᠠᠨᠠᠭ᠎ᠠ ᠠᠮᠤᠷ ᠪᠠᠶᠢᠭᠠᠷᠠᠢ ︽ᠬᠢᠵᠢᠭ︾ ᠲᠠᠢ ᠲᠡᠮᠡᠴᠡᠬᠦ ᠳᠤ ᠪᠢ ᠪᠣᠢ ᠭᠡᠬᠦ ᠭᠤᠤᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠵᠡᠷᠭᠡ ᠪᠠᠷ ᠶᠠᠪᠤᠭᠳᠠᠵᠤ᠂ ᠪᠦᠯᠬᠦᠮᠳᠡᠨ ᠨᠢᠭᠡᠳᠴᠦ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠶᠢ ᠵᠣᠷᠢᠪᠠ᠃      ᠤᠯᠤᠰ ᠤᠨ ᠲᠤᠭ ᠮᠠᠨᠳᠤᠭᠤᠯᠬᠤ ᠶᠣᠰᠣᠯᠠᠯ ᠳᠡᠭᠡᠷ᠎ᠡ᠂ ᠪᠠᠭᠰᠢ ᠰᠤᠷᠤᠭᠴᠢᠳ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠬᠤ ᠶᠢ  ᠪᠠᠷᠠᠯᠠᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ ᠰᠦᠷ ᠵᠢᠪᠬᠤᠯᠠᠩᠲᠤ ᠴᠢᠷᠠᠢ᠂ ᠲᠥᠪ ᠬᠢᠴᠢᠶᠡᠩᠭᠦᠢ ᠪᠢᠴᠢᠬᠠᠨ ᠭᠠᠷ ᠤᠳ ᠵᠠᠯᠠᠭᠤᠴᠤᠳ ᠪᠠᠭᠠᠴᠤᠳ ᠤᠨ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠬᠢᠵᠢᠭ ᠲᠠᠢ ᠲᠡᠮᠡᠴᠡᠬᠦ ᠳᠤ ᠪᠢ ᠪᠣᠢ︾ ᠭᠡᠬᠦ ᠰᠡᠳᠬᠢᠯ ᠤᠨ ᠲᠠᠭᠤᠨ ᠢ ᠬᠦᠴᠦᠲᠡᠢ ᠢᠯᠡᠳᠬᠡᠪᠡ᠃ ᠳᠠᠷᠠᠭ᠎ᠠ ᠨᠢ᠂ ᠪᠠᠭᠰᠢ ᠰᠤᠷᠤᠭᠴᠢᠳ ᠤᠨ ᠲᠥᠯᠥᠭᠡᠯᠡᠭᠴᠢ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ ᠬᠢᠵᠦ᠂ ᠬᠥᠮᠦᠰ ᠤᠨ ᠰᠡᠳᠬᠢᠯ ᠢ ᠬᠥᠳᠡᠯᠭᠡᠮ᠎ᠡ ︽ᠬᠢᠵᠢᠭ︾ ᠲᠠᠢ ᠲᠡᠮᠡᠴᠡᠭᠰᠡᠨ ᠦᠢᠯᠡ ᠠᠵᠢᠯᠯᠠᠭ᠎ᠠ ᠪᠠ ︽ᠬᠢᠵᠢᠭ︾ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠨᠢ ᠪᠠᠭᠰᠢ ᠰᠤᠷᠤᠭᠴᠢᠳ ᠤᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ ᠬᠦᠴᠦᠷᠬᠡᠭ ᠶᠡᠭᠡ ᠬᠦᠴᠦᠨ ᠢ ᠬᠥᠭᠵᠢᠭᠡᠪᠡ᠃ ᠵᠠᠯᠠᠭᠤᠴᠤᠳ ᠪᠠᠭᠠᠴᠤᠳ ᠪᠠᠰᠠ ︽ᠰᠥᠷᠦᠨ ᠤᠷᠤᠭᠰᠢᠯᠠᠭᠴᠢ ᠳᠤ ᠬᠦᠨᠳᠦᠳᠬᠡᠯ ᠳᠡᠪᠰᠢᠭᠦᠯᠬᠦ︾ ᠵᠣᠷᠢᠭ ᠨᠡᠮᠡᠬᠦ ᠸᠢᠳᠢᠣ᠋ ᠪᠣᠯᠤᠨ ︽ᠠᠴᠢ ᠡᠨᠡᠷᠢᠯ ᠳᠤ ᠲᠠᠯᠠᠷᠬᠠᠬᠤ︾ ᠬᠠᠯᠠᠭᠤᠨ ᠰᠡᠳᠬᠢᠯ ᠤᠨ ᠦᠭᠡ ᠶᠢ ᠰᠢᠩᠭᠡᠭᠡᠨ ᠦᠢᠯᠡᠳᠴᠦ᠂ ᠬᠢᠵᠢᠭ ᠲᠠᠢ ᠲᠡᠮᠡᠴᠡᠭᠰᠡᠨ ᠰᠥᠷᠦᠨ ᠤᠷᠤᠭᠰᠢᠯᠠᠭᠴᠢ ᠳᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃      ᠠᠮᠢ ᠨᠠᠰᠤ ᠲᠠᠶᠢᠱᠠᠨ ᠠᠭᠤᠯᠠ ᠠᠴᠠ ᠬᠦᠨᠳᠦ᠂ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠯ᠎ᠡ ᠰᠤᠷᠭᠠᠭᠤᠯᠢ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠬᠡᠷᠡᠮ︾ ᠢ ᠪᠠᠲᠤ ᠴᠣᠭᠴᠠᠯᠠᠵᠤ᠂ ᠠᠮᠤᠷ ᠲᠦᠪᠰᠢᠨ᠂ ᠲᠣᠭᠲᠠᠭᠤᠨ᠂ ᠡᠷᠡᠭᠦᠯ ᠰᠤᠷᠭᠠᠭᠤᠯᠢ ᠶᠢᠨ ᠬᠦᠷᠢᠶᠡᠨ ᠤ ᠣᠷᠴᠢᠨ ᠢ ᠬᠠᠮᠲᠤ ᠪᠠᠷ ᠬᠠᠮᠠᠭᠠᠯᠠᠪᠠ᠃ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠢᠳᠡ ᠢᠲᠡᠭᠡᠯ ᠲᠠᠢ᠂ ᠴᠢᠳᠠᠪᠤᠷᠢ ᠲᠠᠢ ᠶᠤᠮ︕ ᠴᠢᠷᠮᠠᠢ᠂ ᠳᠤᠮᠳᠠᠳᠤ ᠤᠯᠤᠰ︕ ᠴᠢᠷᠮᠠᠢ᠂ ᠥᠪᠥᠷ ᠮᠣᠩᠭᠤᠯ︕ ᠴᠢᠷᠮᠠᠢ᠂ ᠬᠥᠬᠡᠬᠤᠲᠠ︕      ︵ᠨᠠᠶᠢᠷᠠᠭᠤᠯᠤᠭᠴᠢ᠄ ᠵᠧᠩ ᠵᠢᠶᠠ ᠴᠢ᠂ ᠰᠦ᠋ ᠰᠢ   ᠬᠢᠨᠠᠭᠴᠢ᠄ ᠪᠣᠤ ᠭᠧ ᠮᠢᠩ︶
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号