ᠤᠷᠠᠨ ᠵᠢᠷᠤᠭ ᠤᠨ ᠬᠢᠴᠢᠶᠡᠯ ᠤᠨ ︽ᠬᠤᠶᠠᠷ ᠢ ᠬᠥᠩᠭᠡᠷᠡᠭᠦᠯᠬᠦ︾ ᠠᠵᠢᠯᠯᠠᠭ᠎ᠠ — ᠮᠠᠨᠵᠤᠤᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠤᠨ ᠴᠠᠭ ᠤᠨ ᠳᠠᠰᠬᠠᠯ ᠤᠨ ᠰᠦᠯᠵᠢᠶᠡᠨ ᠳᠠᠬᠢ ᠦᠵᠡᠭᠦᠯᠭᠡ
ᠨᠡᠶᠢᠲᠡᠯᠡᠭᠰᠡᠨ ᠴᠠᠭ᠄
2021/11/24
      ᠤᠷᠠᠨ ᠵᠢᠷᠤᠭ ᠤᠨ ᠬᠢᠴᠢᠶᠡᠯ ᠲᠥᠷᠥᠯ ᠤᠨ ᠳᠠᠰᠬᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠳᠠᠰᠬᠠᠯ ᠤᠨ ᠬᠠᠮᠢᠶᠠᠷᠤᠯᠲᠠ ᠶᠢ ᠳᠦᠷᠢᠮᠵᠢᠭᠦᠯᠦᠨ᠂ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠳᠠᠰᠬᠠᠯ ᠤᠨ ᠵᠢᠷᠤᠭ ᠲᠥᠯᠥᠪᠯᠡᠭᠡ ᠬᠢᠭᠡᠳ ᠬᠡᠷᠡᠭᠵᠢᠭᠦᠯᠬᠦ ᠠᠷᠭ᠎ᠠ ᠶᠢ ᠰᠤᠳᠤᠯᠵᠤ᠂ ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠦᠭᠡ ᠮᠠᠨᠵᠤᠤᠷ ᠬᠤᠲᠠ ᠶᠢᠨ ᠰᠤᠷᠭᠠᠨ ᠬᠥᠮᠦᠵᠢᠯ ᠢ ᠰᠤᠳᠤᠯᠤᠨ ᠰᠤᠷᠤᠯᠴᠠᠬᠤ ᠲᠥᠪ ᠤᠨ ᠵᠢᠭᠠᠬᠤ ᠶᠢ ᠰᠤᠳᠤᠯᠬᠤ ᠲᠠᠰᠤᠭ ᠠᠴᠠ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠤᠨ ᠴᠠᠭ ᠤᠨ ᠳᠠᠰᠬᠠᠯ ᠤᠨ ᠰᠦᠯᠵᠢᠶᠡᠨ ᠳᠠᠬᠢ ᠦᠵᠡᠭᠦᠯᠭᠡ ᠶᠢ ᠡᠷᠬᠢᠯᠡᠪᠡ᠃      ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠳᠠᠰᠬᠠᠯ ᠪᠣᠯ ᠰᠤᠷᠤᠭᠴᠢᠳ ᠤᠨ ᠶᠢᠷᠲᠢᠨᠴᠦ ᠶᠢᠨ ᠲᠤᠬᠠᠶ ᠨᠢᠭᠡ ᠵᠦᠢᠯ ᠤᠨ ᠲᠠᠨᠢᠯᠲᠠ ᠪᠠ ᠬᠤᠯᠪᠣᠨ ᠪᠣᠳᠣᠯᠲᠠ ᠶᠤᠮ᠃ ᠰᠤᠷᠤᠭᠴᠢᠳ ᠪᠠᠭᠰᠢ ᠶᠢᠨ ᠵᠢᠯᠣᠭᠤᠳᠤᠯᠭ᠎ᠠ ᠪᠠᠷ ᠰᠡᠳᠬᠢᠯ ᠲᠠᠯᠪᠢᠨ ᠰᠦᠪᠡᠭᠴᠢᠯᠡᠵᠦ᠂ ᠳᠠᠰᠬᠠᠯ ᠤᠨ ᠥᠪᠡᠷᠮᠢᠴᠡ ᠣᠨᠴᠠᠯᠢᠭ ᠨᠢ ᠢᠯᠡ ᠲᠣᠳᠣ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠶᠢᠬᠤ ᠶᠢ ᠬᠢᠴᠢᠶᠡᠳᠡᠭ᠃ ᠤᠷᠠᠨ ᠪᠦᠲᠦᠭᠡᠯ ᠤᠨ ᠰᠡᠳᠬᠢᠮᠵᠢ ᠨᠢ ᠰᠢᠨ᠎ᠡ ᠰᠡᠪᠡᠭᠦᠨ᠂ ᠭᠤᠣᠯ ᠰᠡᠳᠦᠪ ᠨᠢ ᠲᠤᠪᠦ᠋ᠢᠮ᠎ᠠ᠂ ᠲᠦᠷᠢ ᠨᠢ ᠠᠮᠢᠳᠤᠯᠢᠭ᠂ ᠬᠡᠦᠬᠡᠳ ᠤᠨ ᠤᠷᠮ᠎ᠠ ᠰᠣᠨᠢᠷᠬᠠᠯ ᠪᠢᠯᠬᠠᠮ᠎ᠠ᠂ ᠪᠦᠲᠦᠭᠡᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠤᠯᠡᠠ ᠶᠠᠩᠵᠤ ᠶᠢᠨ᠂ ᠪᠦᠲᠦᠭᠡᠯᠴᠢ ᠰᠠᠨᠠᠭ᠎ᠠ ᠨᠢ ᠶᠡᠷᠦ ᠪᠤᠰᠤ ᠶᠢᠨ ᠪᠠᠶᠢᠳᠠᠭ᠃ ᠬᠡᠦᠬᠡᠳ ᠤᠳ ᠤᠨ ᠡᠲᠡᠭᠡᠷ ᠪᠦᠲᠦᠭᠡᠯ ᠨᠢ ᠣᠶᠤᠨ ᠤᠬᠠᠭᠠᠨ᠂ ᠡᠭᠦᠳᠦᠯᠲᠡ᠂ ᠴᠤᠭ ᠵᠢᠪᠬᠤᠭ᠎ᠠ ᠪᠠ ᠤᠷᠠᠯᠢᠭ ᠤᠨ ᠠᠪᠢᠶᠠᠰ ᠪᠢᠯᠢᠭ ᠢᠶᠠᠷ ᠪᠢᠯᠬᠠᠵᠤ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠷ᠎ᠡ  ᠪᠥᠲᠦᠮᠵᠢ ᠶᠢ ᠭᠦᠢᠴᠡᠳ ᠢᠯᠡᠷᠡᠭᠦᠯᠪᠡ᠃

     ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠨᠢ ᠰᠤᠷᠤᠭᠴᠢᠳ ᠤᠨ ᠭᠤᠤᠯᠯᠠᠬᠤ ᠬᠡᠪ

ᠪᠣᠯᠪᠠᠰᠤᠷᠠᠯ ᠤᠨ ᠬᠥᠮᠦᠵᠢᠯ ᠪᠣᠯᠤᠨ ᠬᠢᠴᠢᠶᠡᠯ ᠤᠨ ᠥᠭᠡᠷᠡᠴᠢᠯᠡᠯᠲᠡ ᠶᠢᠨ ᠴᠢᠬᠤᠯᠠ ᠴᠢᠳᠠᠮᠵᠢ ᠶᠢ ᠠᠴᠢᠶᠠᠯᠠᠵᠤ

ᠪᠠᠶᠢᠳᠠᠭ᠃ ᠮᠠᠨᠵᠤᠤᠷ ᠬᠤᠲᠠ ᠶᠢᠨ ᠤᠷᠠᠨ ᠵᠢᠷᠤᠭ ᠤᠨ ᠪᠠᠭᠰᠢ ᠨᠠᠷ ᠬᠢᠴᠢᠶᠡᠯᠯᠡᠭᠡ ᠳᠤ ᠲᠦᠰᠢᠭᠯᠡᠵᠦ᠂ ᠬᠢᠴᠢᠶᠡᠯ ᠢ

ᠪᠡᠶᠡᠯᠡᠨ ᠣᠶᠢᠯᠠᠭᠠᠬᠤ ᠪᠠᠷ ᠠᠷᠭ᠎ᠠ ᠬᠡᠯᠪᠡᠷᠢ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠯᠪᠡᠷᠢ ᠶᠢ

ᠤᠯᠠᠮ ᠴᠠᠭᠠᠰᠢᠲᠠ ᠪᠠᠶᠠᠯᠢᠭᠵᠢᠭᠤᠯᠵᠤ᠂ ᠳᠠᠰᠬᠠᠯ ᠢ ᠰᠢᠯᠢᠳᠡᠭᠵᠢᠭᠦᠯᠬᠦ ᠵᠢᠷᠤᠭ ᠲᠥᠯᠦᠪᠯᠡᠭᠡᠨ ᠤ ᠠᠷᠭ᠎ᠠ ᠪᠣᠳᠣᠯᠭ᠎ᠠ ᠶᠢ

ᠰᠦᠪᠡᠭᠴᠢᠯᠡᠵᠦ᠂ ᠳᠠᠰᠬᠠᠯ ᠤᠨ ᠵᠢᠷᠤᠭ ᠲᠥᠯᠦᠪᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠳᠠᠰᠬᠠᠯ ᠤᠨ ᠦᠷ᠎ᠡ

ᠠᠰᠢᠭ ᠤᠨ ᠲᠠᠯ᠎ᠠ ᠪᠠᠷ ᠴᠢᠨᠠᠷ ᠴᠢᠨᠰᠠᠭ᠎ᠠ ᠶᠢ ᠬᠥᠭᠡᠭᠡᠴᠡᠯᠳᠦᠪᠡ᠃ ᠬᠡᠦᠬᠡᠳ ᠤᠳ ᠲᠤ ᠪᠠᠶᠢᠭᠠᠯᠢ ᠲᠠᠢ ᠣᠶᠢᠷᠠᠳᠬᠤ᠂

ᠤᠷᠠᠯᠢᠭ ᠢ ᠰᠣᠨᠢᠷᠬᠠᠬᠤ᠂ ᠥᠪᠡᠷ ᠢ ᠪᠠᠨ ᠬᠥᠭᠵᠢᠭᠡᠬᠦ ᠳᠤ ᠨᠠᠩ ᠣᠯᠠᠨ ᠠᠵᠠ ᠲᠣᠬᠢᠶᠠᠯ ᠢ ᠡᠭᠦᠳᠦᠨ ᠥᠭᠴᠦ᠂

ᠰᠤᠷᠤᠭᠴᠢᠳ ᠤᠨ ᠤᠷᠠᠨ ᠵᠢᠷᠤᠭ ᠤᠨ ᠳᠤᠷ᠎ᠠ ᠰᠣᠨᠢᠷᠬᠠᠯ ᠪᠠ ᠪᠦᠲᠦᠭᠡᠯᠴᠢ ᠳᠠᠯᠳᠠ ᠴᠢᠳᠠᠪᠤᠷᠢ ᠶᠢ ᠬᠥᠭᠵᠢᠭᠡᠵᠦ᠂

ᠤᠷᠠᠨ ᠵᠢᠷᠤᠭ ᠤᠨ ᠬᠢᠴᠢᠶᠡᠯ ᠢ ᠦᠨᠡᠨ ᠬᠦ ᠰᠤᠷᠤᠭᠴᠢᠳ ᠤᠨ ᠰᠤᠷᠤᠯᠴᠠᠬᠤ ᠴᠡᠩᠭᠡᠯ ᠤᠨ ᠬᠦᠷᠢᠶᠡᠯᠡᠩ ᠪᠣᠯᠭᠠᠪᠠ᠃

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号