ᠮᠠᠨ ᠤ ᠣᠷᠣᠨ ᠤ 2 ᠫᠷᠤᠹᠧᠰᠰᠤᠷ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠥᠪᠯᠡᠯ ᠤᠨ ᠭᠡᠰᠢᠭᠦᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/11/24
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ︽2021—2025 ᠣᠨ ᠳᠠᠬᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠥᠪᠯᠡᠯ ᠢ ᠪᠠᠶᠢᠭᠤᠯᠬᠤ ᠲᠤᠬᠠᠶ ᠮᠡᠳᠡᠭᠳᠡᠯ︾ ᠢ ᠨᠡᠶᠢᠲᠡᠯᠡᠪᠡ᠃ ᠮᠡᠳᠡᠭᠳᠡᠯ ᠳᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠭᠰᠢ ᠨᠠᠷ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠥᠪᠯᠡᠯ ᠤᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ 2021—2025 ᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠥᠪᠯᠡᠯ ᠢ ᠪᠠᠶᠢᠭᠤᠯᠬᠤ ᠪᠠᠷ ᠲᠣᠭᠲᠠᠪᠠ᠃      ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠦᠪᠯᠡᠯ ᠪᠣᠯ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠪᠠᠷ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠵᠥᠪᠯᠡᠯᠭᠡ ᠥᠭᠬᠦ᠂ ᠰᠤᠳᠤᠯᠤᠨ ᠮᠠᠭᠠᠳᠯᠠᠬᠤ᠂ ᠬᠢᠨᠠᠨ ᠪᠠᠶᠢᠴᠠᠭᠠᠬᠤ᠂ ᠦᠨᠡᠯᠡᠨ ᠵᠢᠱᠢᠬᠦ᠂ ᠪᠣᠯᠪᠠᠰᠤᠷᠠᠭᠤᠯᠬᠤ᠂ ᠳᠠᠭᠤᠷᠢᠶᠠᠯ ᠦᠵᠡᠭᠦᠯᠬᠦ᠂ ᠵᠢᠯᠣᠭᠤᠳᠬᠤ᠂ ᠬᠥᠲᠥᠯᠦᠨ ᠳᠠᠭᠠᠭᠤᠯᠬᠤ ᠵᠡᠷᠭᠡ ᠦᠢᠯᠡᠳᠦᠯ ᠢ ᠪᠠᠳᠠᠷᠠᠭᠤᠯᠤᠭᠰᠠᠨ ᠲᠤᠰᠬᠠᠶ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ ᠪᠣᠯᠤᠨ᠎ᠠ᠃ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠵᠢᠭᠠᠬᠤ ᠶᠢ ᠵᠢᠯᠣᠭᠤᠳᠬᠤ ᠵᠦᠪᠯᠡᠯ ᠳᠤ ᠵᠥᠪᠯᠡᠯᠭᠡ ᠥᠭᠬᠦ ᠺᠣᠮᠢᠰ᠂ ᠵᠢᠭᠠᠬᠤ ᠶᠢ ᠵᠢᠯᠣᠭᠤᠳᠬᠤ ᠺᠣᠮᠢᠰ ᠪᠠ ᠵᠢᠭᠠᠬᠤ ᠶᠢ ᠵᠢᠯᠣᠭᠤᠳᠬᠤ 11 ᠬᠤᠪᠢᠶᠠᠷᠢ ᠺᠣᠮᠢᠰ ᠢ ᠪᠠᠶᠢᠭᠤᠯᠪᠠ᠃      ᠮᠠᠨ ᠤ ᠣᠷᠣᠨ ᠤ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠫᠷᠤᠹᠧᠰᠰᠤᠷ ᠯᠢ ᠴᠦᠨ ᠾᠦᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ︽ᠦᠵᠡᠯ ᠰᠠᠨᠠᠭ᠎ᠠ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠶᠢᠨ ᠬᠤᠪᠢᠶᠠᠷᠢ ᠵᠢᠭᠠᠬᠤ ᠶᠢ ᠵᠢᠯᠣᠭᠤᠳᠬᠤ ᠺᠣᠮᠢᠰ ᠤᠨ ᠭᠡᠰᠢᠭᠦᠨ ᠢᠶᠠᠷ ᠰᠣᠩᠭᠤᠭᠳᠠᠵᠤ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠯᠧᠨᠢᠨ ᠤ ᠦᠵᠡᠯ ᠤᠨ ᠵᠢᠭᠠᠬᠤ ᠶᠢ ᠰᠤᠳᠤᠯᠬᠤ ᠬᠡᠯᠲᠡᠰ ᠤᠨ ᠡᠷᠬᠢᠯᠡᠭᠴᠢ᠂ ᠫᠷᠤᠹᠧᠰᠰᠤᠷ ᠵᠧᠩ ᠶᠦᠨ ᠾᠥᠩ ︽ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ︾ ᠤᠨ ᠬᠤᠪᠢᠶᠠᠷᠢ ᠵᠢᠭᠠᠬᠤ ᠶᠢ ᠵᠢᠯᠣᠭᠤᠳᠬᠤ ᠺᠣᠮᠢᠰ ᠤᠨ ᠭᠡᠰᠢᠭᠦᠨ ᠢᠶᠠᠷ ᠰᠣᠩᠭᠤᠭᠳᠠᠪᠠ᠃ ᠨᠠᠷᠢᠨ ᠠᠭᠤᠯᠭ᠎ᠠ ᠶᠢ ᠦᠵᠡᠵᠡᠭᠡᠶ᠎ᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号