ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠤᠳᠠᠭᠠᠨ ᠤ ᠠᠬᠢᠭᠤᠯᠬᠤ ᠬᠤᠷᠠᠯ
ᠨᠡᠶᠢᠲᠡᠯᠡᠭᠰᠡᠨ ᠴᠠᠭ᠄
2021/4/21
     2021 ᠣᠨ ᠤ 4 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ  ᠳᠣᠪᠴᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠤᠳᠠᠭᠠᠨ ᠤ ᠠᠬᠢᠭᠤᠯᠬᠤ ᠬᠤᠷᠠᠯ ᠢ ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ ᠶᠢᠰᠦᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠳᠣᠪᠴᠢᠶᠠᠨ ᠤ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠬᠠᠷᠢᠭᠤᠴᠠᠯᠭᠠᠲᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠳᠤᠷᠢᠳᠬᠤ ᠳᠤᠭᠤᠶᠢᠯᠠᠩ ᠤᠨ ᠬᠡᠰᠢᠭᠦᠨ 30 ᠬᠥᠮᠦᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠮᠤᠵᠢ ᠶᠢ ᠪᠠᠶᠢᠴᠠᠭᠠᠬᠤ ᠦᠶ᠎ᠡ ᠶᠢᠨ ᠴᠢᠬᠤᠯᠠ ᠵᠣᠷᠢᠭ ᠰᠠᠨᠠᠭᠠᠨ ᠤ ᠲᠤᠬᠠᠢ ᠮᠡᠳᠡᠭᠳᠡᠯ︾᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠤᠬᠠᠭᠤᠯᠬᠤ ᠠᠵᠢᠯ ᠤᠨ ᠲᠥᠰᠦᠯ ᠵᠢᠴᠢ ᠰᠢᠷᠢᠰ ᠪᠢᠴᠢᠭ ᠮᠠᠲ᠋ᠧᠷᠢᠶᠠᠯ ᠢ ᠳᠠᠮᠵᠢᠭᠤᠯᠤᠨ ᠰᠤᠷᠤᠯᠴᠠᠪᠠ᠃ ᠡᠨᠡ ᠤᠳᠠᠭᠠᠨ ᠤ ᠠᠬᠢᠭᠤᠯᠬᠤ ᠬᠤᠷᠠᠯ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠪᠣᠯᠬᠤ ᠪᠠᠷ ᠪᠠᠷᠠᠬᠤ ᠦᠭᠡᠢ ᠪᠠᠰᠠ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠠᠵᠢᠯ ᠤᠨ ᠺᠠᠳ᠋ᠷ ᠢ ᠪᠣᠯᠪᠠᠰᠤᠷᠠᠭᠤᠯᠬᠤ ᠬᠤᠷᠠᠯ ᠪᠠᠶᠢᠵᠤ᠂ ᠰᠤᠷᠤᠯᠴᠠᠯᠭ᠎ᠠ ᠪᠣᠯᠤᠨ ᠠᠵᠢᠯ ᠢ ᠪᠦᠲᠦᠮᠵᠢᠲᠡᠢ ᠤᠶᠠᠯᠳᠤᠭᠤᠯᠵᠠᠢ᠃      ᠬᠤᠷᠠᠯ ᠳᠡᠭᠡᠷ᠎ᠡ ᠳᠠᠷᠠᠭᠠᠴᠢ ᠶᠢᠨ ᠱᠠᠲᠤᠨ ᠤ ᠰᠤᠷᠤᠯᠴᠠᠬᠤ ᠠᠭᠤᠯᠭ᠎ᠠ᠂ ᠰᠤᠷᠤᠯᠴᠠᠬᠤ ᠠᠬᠢᠴᠠ᠂ ᠰᠤᠷᠤᠯᠴᠠᠬᠤ ᠠᠷᠭ᠎ᠠ ᠬᠡᠯᠪᠡᠷᠢ ᠪᠣᠯᠤᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠤ ᠬᠠᠮᠲᠤ ︽ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠰᠠᠷ᠎ᠠ︾ ᠪᠣᠯᠤᠨ ︽ᠭᠤᠷᠪᠠ ᠶᠢ ᠰᠤᠷᠪᠤᠯᠵᠢᠯᠠᠬᠤ︾᠂ ︽ᠭᠤᠷᠪᠠ ᠶᠢ ᠠᠰᠠᠭᠤᠬᠤ︾ ᠠᠵᠢᠯᠯᠠᠭᠠᠨ ᠤ ᠡᠬᠡ ᠳᠠᠩᠰᠠ ᠶᠢ ᠪᠠᠶᠢᠭᠤᠯᠬᠤ ᠪᠠᠷ ᠳᠠᠮᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠣᠯᠤᠨ ᠦᠷ᠎ᠡ ᠪᠦᠳᠦᠮᠵᠢᠳᠦ ᠴᠢᠨᠠᠷ ᠢ ᠴᠠᠭᠠᠰᠢᠲᠠ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠠᠮᠤᠭ ᠤᠨ ᠰᠡᠬᠦᠯ ᠳᠤ᠂ ᠡᠯ᠎ᠡ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠬᠠᠷᠢᠭᠤᠴᠠᠯᠭᠠᠲᠠᠨ ᠠᠴᠠ ᠭᠤᠷᠪᠠᠳᠤᠭᠠᠷ ᠰᠠᠷ᠎ᠠ ᠳᠤ ᠠᠷᠠᠳ ᠳᠤ ᠪᠤᠳᠡᠳᠡᠢ ᠠᠵᠢᠯ ᠬᠢᠵᠦ ᠥᠭᠭᠦᠭᠰᠡᠨ ᠠᠵᠢᠯ ᠤᠨ ᠠᠷᠭ᠎ᠠ ᠬᠡᠮᠵᠢᠶ᠎ᠡ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠪᠠᠨ ᠰᠣᠯᠢᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠤᠷᠤᠭᠰᠠᠨ ᠪᠣᠯᠤᠨ ᠬᠢᠭᠰᠡᠨ ᠪᠦᠲᠦᠮᠵᠢᠲᠡᠢ ᠠᠭᠤᠰᠤᠯᠴᠠᠯ ᠢ ᠬᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠤᠭᠰᠠᠨ ᠢ ᠪᠠᠲᠤᠯᠠᠪᠠ᠃    

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号