ᠠᠯᠠᠱᠠ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠬᠠᠮᠲᠤ ᠳᠤ ᠪᠠᠨ ᠣᠷᠣᠪᠠ
ᠨᠡᠶᠢᠲᠡᠯᠡᠭᠰᠡᠨ ᠴᠠᠭ᠄
2021/4/21
     ᠰᠤᠷᠭᠠᠭᠤᠯᠢ ᠶᠢᠨ ᠬᠦᠷᠢᠶᠡᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠲᠦᠢᠮᠡᠷ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ‌‍ᠲ᠋ᠠᠷᠬᠠᠬᠤ ᠳᠤᠲᠠᠭᠠᠬᠤ ᠴᠢᠳᠠᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ︽ᠳᠤᠮᠳᠠᠳᠤ ᠤᠯᠤᠰ ᠤᠨ ᠭᠠᠯ ᠢ ᠰᠡᠷᠭᠡᠶᠢᠯᠡᠬᠦ︾ ᠠᠯᠪᠠᠨ ᠤ ᠪᠢᠴᠢᠯ ᠪᠦᠷᠭᠡ ᠠᠴᠠ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠢᠯᠡ ᠬᠢᠴᠢᠶᠡᠯ︾ ᠢ ᠰᠦᠯᠵᠢᠶ᠎ᠡ ᠪᠠᠷ ᠰᠢᠭᠤᠳ ᠨᠡᠪᠲᠡᠷᠡᠭᠦᠯᠪᠡ᠃ ᠠᠯᠠᠱᠠ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠰᠢᠭᠤᠳ ᠨᠡᠪᠲᠡᠷᠡᠭᠦᠯᠭᠡ ᠪᠣᠯᠤᠨ ᠸᠢᠳᠢᠣ᠋ ᠪᠠᠷ ᠳᠠᠬᠢᠵᠤ ᠨᠡᠪᠲᠡᠷᠡᠭᠦᠯᠬᠦ ᠶᠢ ᠰᠣᠨᠢᠷᠬᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠬᠠᠮᠲᠤ ᠳᠤ ᠪᠠᠨ ᠰᠤᠷᠤᠯᠴᠠᠪᠠ᠃

     ᠰᠢᠭᠤᠳ ᠨᠡᠪᠲᠡᠷᠡᠭᠦᠯᠭᠡ ᠳᠤ᠂ ᠭᠠᠯ ᠤᠨᠲᠠᠷᠠᠭᠠᠭᠴᠢ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ

ᠲᠦᠢᠮᠡᠷ ᠤᠨ ᠳᠠᠭᠤᠷᠢᠶᠠᠮᠠᠯ ᠦᠵᠡᠭᠦᠯᠭᠡ ᠬᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠲᠦᠢᠮᠡᠷ

ᠭᠠᠷᠤᠭᠰᠠᠨ ᠪᠥᠬᠦ ᠶᠠᠪᠤᠴᠠ ᠶᠢ ᠳᠡᠯᠭᠡᠨ ᠦᠵᠡᠭᠦᠯᠪᠡ︔ ᠲᠣᠰᠣᠨ ᠲᠠᠪᠠᠭ ᠤᠨ ᠭᠠᠯ ᠢ ᠤᠨᠲᠠᠷᠠᠭᠠᠬᠤ ᠰᠣᠷᠢᠯᠲᠠ ᠶᠢ

ᠵᠣᠬᠢᠶᠠᠨ ᠪᠠᠶᠢᠭᠤᠯᠪᠠ︔ ᠰᠤᠷᠭᠠᠭᠤᠯᠢ ᠶᠢᠨ ᠪᠠᠶᠢᠷᠢ᠂ ᠮᠡᠳᠡᠭᠦᠯᠦᠯᠲᠡ ᠶᠢᠨ ᠲᠢᠩᠬᠢᠮ᠂ ᠬᠤᠭᠤᠯᠠᠨ ᠬᠡᠷ᠂ ᠨᠣᠮ ᠤᠨ

ᠰᠠᠩ ᠵᠡᠷᠭᠡ ᠭᠤᠣᠯᠳᠠᠯᠭᠠᠲᠠᠢ ᠲᠠᠯᠠᠪᠤᠷ ᠤᠨ ᠲᠦᠢᠮᠡᠷ ᠤᠨ ᠲᠡᠯᠳᠠ ᠠᠶᠤᠯ ᠢ ᠵᠢᠭᠰᠠᠭᠠᠨ ᠪᠠᠶᠢᠴᠠᠭᠠᠪᠠ︔ ᠲᠦᠢᠮᠡᠷ ᠤᠨ

ᠦᠵᠡᠭᠳᠡᠯ ᠢ ᠭᠠᠷᠭᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠰᠣᠷᠢᠯᠲᠠ ᠶᠢ ᠬᠢᠯᠭᠡᠪᠡ᠃

ᠡᠭᠦᠨ ᠤ ᠬᠠᠮᠲᠤ ᠪᠠᠰᠠ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ

ᠨᠢᠭᠲᠠ ᠲᠠᠨᠢᠯᠴᠠᠭᠤᠯᠵᠤ᠂ ᠲᠠᠷᠬᠠᠵᠤ ᠳᠤᠲᠠᠭᠠᠬᠤ ᠦᠨᠳᠦᠰᠦᠨ ᠶᠡᠷᠦ ᠶᠢᠨ ᠮᠡᠳᠡᠯᠭᠡ᠂ ᠭᠠᠯ ᠢ ᠰᠡᠷᠭᠡᠶᠢᠯᠡᠬᠦ

ᠲᠦᠢᠮᠡᠷ ᠤᠨ ᠪᠠᠴᠢᠮ ᠪᠠᠶᠢᠳᠠᠯ ᠢ ᠠᠷᠭᠠᠴᠠᠬᠤ ᠪᠠ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠪᠠᠷ ᠲᠠᠶᠢᠯᠪᠤᠷᠢᠯᠠᠵᠦ᠂

ᠰᠤᠷᠤᠭᠴᠢᠳ ᠲᠤ ᠲᠦᠢᠮᠡᠷ ᠡᠭᠦᠰᠬᠦ ᠶᠢ ᠬᠡᠷᠬᠢᠨ ᠤᠷᠢᠳᠴᠢᠯᠠᠨ ᠰᠡᠷᠭᠡᠶᠢᠯᠡᠬᠦ ᠶᠢ ᠣᠶᠢᠯᠠᠭᠠᠭᠤᠯᠵᠤ᠂ ᠠᠮᠢ ᠵᠢᠭᠤᠲᠠᠬᠤ

ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠭᠦᠯᠦᠭᠰᠡᠨ ᠪᠠᠶᠢᠨ᠎ᠠ᠃

     ᠲᠣᠰ ᠤᠳᠠᠭᠠᠨ ᠤ ᠭᠠᠯ ᠢ ᠰᠡᠷᠭᠡᠶᠢᠯᠡᠬᠦ ᠢᠯᠡ ᠬᠢᠴᠢᠶᠡᠯ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ

ᠮᠡᠳᠡᠯᠭᠡ ᠪᠠ ᠠᠮᠢ ᠵᠢᠭᠤᠲᠠᠬᠤ  ᠴᠢᠳᠠᠮᠵᠢ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠪᠠᠭᠰᠢ ᠰᠤᠷᠤᠭᠴᠢᠳ ᠤᠨ

ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ

ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ

︽ᠬᠠᠮᠠᠭᠠᠯᠠᠭᠴᠢ︾ ᠪᠣᠯᠤᠭᠰᠠᠨ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号