︽ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ︾ ᠠᠵᠢᠯ ᠢ ᠥᠷᠨᠢᠭᠦᠯᠬᠦ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠨᠠᠯ ᠬᠤᠷᠢᠶᠠᠬᠤ ᠵᠠᠷᠯᠠᠯ
ᠨᠡᠶᠢᠲᠡᠯᠡᠭᠰᠡᠨ ᠴᠠᠭ᠄
2021/4/23
     ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ︽ᠪᠢ ᠣᠯᠠᠨ ᠲᠦᠮᠡᠨ ᠳᠤ ᠪᠤᠳᠡᠳᠡᠢ ᠠᠵᠢᠯ ᠬᠢᠵᠦ ᠥᠭᠬᠦ︾ ᠠᠵᠢᠯᠯᠠᠭ᠎ᠠ ᠶᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠤ ᠪᠠᠷ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠰᠤᠷᠭᠠᠨ ᠬᠥᠮᠦᠵᠢᠯ ᠤᠨ ᠲᠤᠬᠠᠶ ᠠᠷᠠᠳ ᠣᠯᠠᠨ ᠤ ︽ᠪᠠᠴᠢᠮᠳᠠᠯ ᠬᠦᠴᠢᠷᠳᠡᠯ ᠵᠣᠪᠠᠨᠢᠯ ᠡᠷᠡᠮᠡᠯᠵᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ᠂ ᠦᠨᠳᠦᠰᠦᠨ ᠱᠠᠲᠤᠨ ᠤ ᠣᠯᠠᠨ ᠲᠦᠮᠡᠨ ᠵᠢᠴᠢ ᠪᠠᠭᠰᠢ ᠰᠣᠷᠣᠭᠴᠢ ᠠᠵᠢᠯᠲᠠᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠪᠠᠷ ᠪᠠᠶᠢᠨ᠎ᠠ᠃ ᠤᠯᠠᠨ ᠢᠶᠠᠷ ᠢᠶᠠᠨ ᠴᠢᠮᠡᠭᠡ ᠢᠷᠡᠭᠦᠯᠬᠦ᠂ ᠵᠠᠬᠢᠳᠠᠯ ᠢᠷᠡᠭᠦᠯᠬᠦ᠂ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠲᠤ ᠳᠠᠩᠰᠠᠯᠠᠭᠤᠯᠬᠤ ᠵᠡᠷᠭᠡ ᠠᠷᠭ᠎ᠠ ᠬᠡᠯᠪᠡᠷᠢ ᠪᠠᠷ ᠢᠳᠡᠪᠬᠢᠲᠡᠢ ᠰᠠᠨᠠᠯ ᠵᠥᠪᠯᠡᠯᠭᠡ ᠥᠭᠴᠦ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃      ᠨᠢᠭᠡ᠂ ︽ᠭᠤᠷᠪᠠ ᠶᠢ ᠠᠰᠠᠭᠤᠬᠤ︾ ᠢᠮᠧᠯ ᠤᠨ ᠬᠠᠶ᠋ᠢᠭ      nmgjytdsxxjysjz@126.com      ᠬᠤᠶᠠᠷ᠂ ︽ᠭᠤᠷᠪᠠ ᠶᠢ ᠠᠰᠠᠭᠤᠬᠤ︾ ᠰᠢᠦᠳᠠᠨ ᠤ ᠬᠠᠶ᠋ᠢᠭ      ᠬᠥᠬᠡᠬᠤᠲᠠ ᠶᠢᠨ ᠭᠤᠤᠯᠳᠤ ᠪᠣᠷᠤ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠳᠤᠷᠢᠳᠬᠤ ᠳᠤᠭᠤᠶᠢᠯᠠᠩ ᠤᠨ ᠠᠯᠪᠡᠠ ᠭᠡᠷ᠂ ᠰᠢᠦᠳᠠᠨ ᠨᠣᠮᠧᠷ᠄ 010011      ᠭᠤᠷᠪᠠ᠂ ︽ᠭᠤᠷᠪᠠ ᠶᠢ ᠠᠰᠠᠭᠤᠬᠤ︾ ᠸᠢᠴᠠᠲ ᠤᠨ ᠨᠡᠶᠢᠲᠡ ᠶᠢᠨ ᠳ᠋ᠤᠭᠠᠷ      ᠮᠡᠷᠭᠡᠨ ᠴᠣᠬᠤᠷ ᠢ ᠰᠢᠷᠪᠢᠵᠦ ᠦᠪᠦᠷ ᠮᠤᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ︽ᠭᠤᠷᠪᠠ ᠶᠢ ᠠᠰᠠᠭᠤᠬᠤ︾ ᠰᠠᠨᠠᠯ ᠬᠤᠷᠢᠶᠠᠬᠤ ᠲᠠᠪᠴᠠᠩ ᠳᠤ ᠳᠠᠩᠰᠠᠯᠠᠭᠤᠯᠵᠤ ᠰᠦᠯᠵᠢᠶᠡᠨ ᠳᠤ ᠦᠭᠡ ᠦᠯᠡᠳᠡᠭᠡᠭᠡᠷᠡᠢ᠃

     ᠪᠢᠳᠡ ᠰᠠᠨᠠᠯ ᠰᠠᠨᠠᠭᠤᠯᠭ᠎ᠠ ᠶᠢ ᠴᠠᠭ ᠲᠤᠬᠠᠶ ᠳᠤ ᠨᠢ ᠴᠤᠭᠯᠠᠭᠤᠯᠤᠨ ᠡᠮᠬᠢᠯᠡᠵᠦ᠂ ᠣᠯᠠᠨ ᠲᠦᠮᠡᠨ ᠤ

ᠬᠠᠮᠤᠭ ᠤᠨ ᠠᠩᠬᠠᠷᠴᠤ ᠪᠠᠶᠢᠭ᠎ᠠ ︽ᠪᠠᠴᠢᠮᠳᠠᠯ ᠬᠦᠴᠢᠷᠳᠡᠯ ᠵᠣᠪᠠᠨᠢᠯ ᠡᠷᠡᠮᠡᠯᠵᠡᠯ︾ ᠤᠨ ᠠᠰᠠᠭᠤᠳᠠᠯ ᠳᠤ

ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠲᠤ ᠢᠳᠡᠪᠬᠢᠲᠡᠶ ᠪᠠᠷ ᠪᠤᠳᠡᠳᠡᠢ ᠠᠵᠢᠯ ᠬᠢᠵᠦ ᠥᠭᠭᠦᠨ᠂ ᠠᠷᠠᠳ

ᠣᠯᠠᠨ ᠤ ᠰᠤᠷᠭᠠᠨ ᠬᠥᠮᠦᠵᠢᠯ ᠳᠠᠬᠢ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠲᠤ ᠲᠥᠷᠥᠭᠳᠡᠯ ᠢ ᠴᠢᠷᠮᠠᠶᠢᠨ

ᠳᠡᠭᠡᠭᠰᠢᠯᠡᠭᠦᠯᠦᠨ᠎ᠡ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ

ᠲᠠᠯᠠᠷᠬᠠᠯ ᠳᠡᠪᠰᠢᠭᠦᠯᠦᠶ᠎ᠡ︕

              ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠥᠮᠦᠵᠢᠯ ᠤᠨ

              ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ

              ᠰᠤᠷᠤᠯᠴᠠᠯᠭ᠎ᠠ ᠬᠥᠮᠦᠵᠢᠯ ᠢ ᠤᠳᠤᠷᠢᠳᠬᠤ ᠳᠤᠭᠤᠶᠢᠯᠠᠩ ᠤᠨ ᠠᠯᠪᠡᠠ ᠭᠡᠷ

                           2021 ᠣᠨ ᠤ 4 ᠰᠠᠷ᠎ᠠ ᠶᠢᠨ 21

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号