ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠪᠥᠬᠦ ᠣᠷᠣᠨ ᠤ ᠰᠤᠷᠭᠠᠨ ᠬᠥᠮᠥᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋ ᠲᠣᠬᠢᠷᠠᠭᠤᠯᠤᠯᠲᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/1
     2 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠤᠷᠭᠠᠨ ᠬᠥᠮᠥᠵᠢᠯ ᠤᠨ ᠶᠠᠮᠤᠨ ᠤ ᠰᠢᠨ᠎ᠡ ᠳᠢᠲᠢᠮᠯᠢᠭ ᠠᠭᠤᠰᠬᠢᠨ ᠥᠷᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ  ᠤᠨ ᠵᠣᠷᠢᠭ ᠰᠠᠨᠠᠭ᠎ᠠ ᠵᠢᠴᠢ ᠰᠤᠷᠭᠠᠨ ᠬᠥᠮᠥᠵᠢᠯ ᠤᠨ ᠲᠢᠩᠬᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠰᠬᠠᠢ ᠬᠤᠷᠠᠯ ᠤᠨ ᠱᠠᠭᠠᠷᠳᠠᠯᠭ᠎ᠠ ᠶᠣᠰᠤ ᠪᠠᠷ ᠰᠤᠷᠭᠠᠨ ᠬᠥᠮᠥᠵᠢᠯ ᠤᠨ ᠲᠢᠩᠬᠢᠮ ᠤᠨ ᠰᠢᠨ᠎ᠡ ᠳᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠷᠢᠳᠬᠤ ᠳᠤᠭᠤᠶᠢᠯᠠᠩ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠢ ᠥᠷᠨᠢᠭᠦᠯᠵᠦ᠂ ᠭᠠᠵᠠᠷ ᠣᠷᠣᠨ ᠪᠠ ᠳᠡᠭᠡᠳᠦ ᠰᠤᠷᠭᠠᠭᠤᠯᠢ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢᠶᠠᠨ ᠰᠣᠯᠢᠯᠴᠠᠵᠤ᠂ ᠪᠥᠬᠦ ᠣᠷᠣᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠴᠢᠩᠭᠠᠳᠬᠠᠵᠤ᠂ ᠳᠠᠬᠢᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠥᠵᠢᠯ ᠤᠨ ᠠᠵᠢᠯ ᠤᠨ ᠬᠤᠷᠢᠶᠠᠨ ᠤ ᠬᠡᠰᠢᠭᠦᠨ᠂ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ᠂ ᠰᠤᠷᠭᠠᠨ ᠬᠥᠮᠥᠵᠢᠯ ᠤᠨ ᠲᠢᠩᠬᠢᠮ ᠤᠨ ᠰᠢᠨ᠎ᠡ ᠳᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠤᠳᠤᠷᠢᠳᠬᠤ ᠳᠤᠭᠤᠶᠢᠯᠠᠩ ᠤᠨ ᠳᠡᠳ᠋ ᠳᠤᠭᠤᠶᠢᠯᠠᠩ ᠤᠨ ᠳᠠᠷᠤᠭ᠎ᠠ ᠵᠠᠩ ᠰᠢ ᠷᠥᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃

     ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠥᠵᠢᠯ ᠤᠨ ᠰᠢᠰᠲ᠋ᠧᠮ ᠤᠨ ᠬᠢᠨ ᠤᠯᠤᠰ ᠲᠥᠷᠦ ᠶᠢᠨ

ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ

ᠭᠠᠵᠠᠷ ᠤᠨ ᠡᠯ᠎ᠡ ᠰᠤᠷᠭᠠᠭᠤᠯᠢ ᠶᠢᠨ ᠨᠠᠮ ᠵᠠᠰᠠᠭ ᠤᠨ ᠭᠤᠣᠯᠯᠠᠭᠴᠢ ᠬᠠᠷᠢᠭᠤᠴᠠᠯᠭᠠᠲᠠᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠪᠡᠶᠡᠯᠡᠭᠦᠯᠵᠦ᠂

ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠠᠷᠢᠨ ᠨᠢᠭᠲᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠨᠢᠭᠲᠠ

ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠣᠬᠢᠶᠠᠨ ᠪᠠᠶᠢᠭᠤᠯᠵᠤ ᠤᠳᠤᠷᠢᠳᠬᠤ ᠪᠠ

ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠶᠢ ᠵᠢᠯᠣᠭᠤᠳᠬᠤ ᠰᠠᠯᠠᠭ᠎ᠠ ᠮᠥᠴᠢᠷ ᠤᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ

ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ

ᠬᠠᠷᠢᠭᠤᠴᠠᠯᠭ᠎ᠠ᠂ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠪᠠᠭᠰᠢ ᠰᠤᠷᠤᠭᠴᠢ ᠶᠢᠨ ᠬᠤᠪᠢ

ᠬᠥᠮᠦᠨ ᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ

ᠠᠷᠭ᠎ᠠ ᠪᠣᠳᠤᠯᠭ᠎ᠠ ᠶᠢ ᠬᠠᠮᠤᠭ ᠤᠨ ᠪᠠᠭ᠎ᠠ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠶᠢ ᠤᠳᠤᠷᠢᠳᠬᠤ ᠳᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠳᠣᠭᠲᠠᠴᠠ᠂ ᠵᠢᠯᠣᠭᠤᠳᠬᠤ

ᠳᠣᠭᠲᠠᠯᠴᠠᠭᠠᠨ ᠤ ᠥᠨᠳᠦᠷ ᠪᠥᠲᠦᠮᠵᠢᠲᠡᠢ ᠠᠵᠢᠯᠯᠠᠬᠤ ᠶᠢ ᠪᠠᠲᠤᠯᠠᠵᠤ᠂ ᠰᠤᠷᠭᠠᠨ ᠬᠥᠮᠥᠵᠢᠯ ᠤᠨ ᠰᠢᠰᠲ᠋ᠧᠮ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠥᠵᠢᠯ ᠤᠨ ᠦᠢᠯᠡᠰ ᠤᠨ ᠥᠭᠡᠷᠡᠴᠢᠯᠡᠯᠲᠡ

ᠬᠥᠭᠵᠢᠭᠦᠯᠦᠯᠲᠡ ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ ᠭᠡᠷᠡᠭᠲᠡᠢ ᠭᠡᠵᠦ ᠱᠠᠭᠠᠷᠳᠠᠪᠠ᠃

     ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠲᠥᠷᠦᠯ ᠬᠤᠪᠢᠶᠠᠨ ᠵᠢᠯᠣᠭᠤᠳᠬᠤ ᠶᠢ

ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠤᠯᠭ᠎ᠠ ᠶᠢ

ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ

ᠲᠥᠰᠦᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠥᠨᠳᠦᠷ ᠪᠠᠷᠢᠮᠵᠢᠶ᠎ᠠ᠂ ᠴᠢᠩᠭ᠎ᠠ

ᠱᠠᠭᠠᠷᠳᠠᠯᠭ᠎ᠠ᠂ ᠨᠠᠷᠢᠯᠢᠭ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠰᠦᠯᠵᠢᠶᠡᠨ ᠳᠠᠬᠢ ᠪᠠ

ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠴᠠᠭ ᠲᠤᠬᠠᠢ ᠳᠤ ᠨᠢ ᠰᠣᠯᠢᠬᠤ ᠶᠢ ᠪᠡᠶᠡᠯᠡᠭᠦᠯᠬᠦ ᠬᠡᠷᠡᠭᠲᠡᠢ᠃

ᠪᠥᠭᠡᠮ ᠬᠦᠴᠢᠯ ᠤᠨ ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ

ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠢ ᠳᠤ ᠨᠢ ᠡᠬᠢᠯᠡᠭᠦᠯᠬᠦ ᠶᠢ ᠪᠠᠲᠤᠯᠠᠵᠤ᠂

ᠡᠯ᠎ᠡ ᠵᠦᠢᠯ ᠤᠨ ᠠᠷᠭ᠎ᠠ ᠪᠣᠳᠤᠯᠭ᠎ᠠ ᠶᠢᠨ ᠪᠣᠳᠠᠲᠠᠢ ᠦᠷ᠎ᠡ ᠪᠥᠲᠦᠮᠵᠢ ᠣᠯᠬᠤ ᠶᠢ ᠪᠠᠲᠤᠯᠠᠬᠤ ᠬᠡᠷᠡᠭᠲᠡᠢ᠃

ᠤᠬᠠᠭᠤᠯᠭ᠎ᠠ ᠪᠠ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠠᠶᠢᠨ

ᠰᠠᠶᠢᠬᠠᠨ ᠣᠷᠴᠢᠨ ᠢ ᠪᠣᠢ ᠪᠣᠯᠭᠠᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠦᠵᠡᠯ ᠰᠠᠨᠠᠭ᠎ᠠ ᠪᠠᠷ ᠰᠤᠷᠤᠭᠴᠢ ᠶᠢ

ᠬᠥᠮᠥᠵᠢᠭᠦᠯᠵᠦ᠂ ᠢᠪᠡᠭᠡᠵᠦ᠂ ᠤᠷᠮᠠᠰᠢᠭᠤᠯᠵᠤ᠂ ᠪᠥᠯᠬᠦᠮᠳᠡᠨ ᠲᠡᠮᠡᠴᠡᠬᠦ ᠬᠦᠴᠦᠨ ᠴᠢᠳᠠᠯ ᠢ ᠨᠢᠭᠲᠠᠷᠠᠭᠤᠯᠬᠤ

ᠬᠡᠷᠡᠭᠲᠡᠢ᠃ ᠥᠷᠭᠡᠨ ᠣᠯᠠᠨ ᠪᠠᠭᠰᠢ ᠰᠤᠷᠤᠭᠴᠢ ᠶᠢ ᠬᠥᠮᠥᠵᠢᠭᠦᠯᠦᠨ ᠵᠢᠯᠣᠭᠤᠳᠴᠤ ᠬᠠᠷᠢᠶ᠎ᠠ ᠭᠠᠵᠠᠷ ᠪᠤᠶᠤ

ᠰᠤᠷᠭᠠᠭᠤᠯᠢ ᠶᠢᠨ ᠢᠶᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠭᠤᠯᠵᠤ᠂ ︽ᠬᠢᠵᠢᠭ

 ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠥᠬᠦᠨ ᠬᠠᠷᠢᠭᠤᠴᠠᠯᠭ᠎ᠠ ᠲᠠᠢ ᠪᠠᠶᠢᠬᠤ︾ ᠶᠢ ᠴᠠᠭ ᠢᠮᠠᠭᠲᠠ

ᠪᠠᠲᠤ ᠴᠡᠭᠡᠵᠢᠯᠡᠵᠦ᠂ ᠬᠥᠮᠦᠨ ᠪᠥᠬᠦᠨ ᠭᠠᠷᠳᠠᠨ ᠬᠢᠵᠦ᠂ ᠪᠡᠶ᠎ᠡ ᠶᠢᠨ ᠢᠶᠠᠨ ᠲᠡᠷᠭᠡᠳᠡ ᠠᠴᠠ ᠭᠠᠷᠳᠠᠨ ᠬᠢᠬᠦ ᠪᠣᠯ

ᠬᠢᠵᠢᠭ ᠲᠠᠢ ᠲᠡᠮᠡᠴᠡᠬᠦ ᠶᠢᠨ ᠬᠠᠮᠤᠭ ᠤᠨ ᠰᠠᠶᠢᠨ ᠳᠡᠮᠵᠢᠯᠭᠡ᠂ ᠬᠥᠮᠦᠨ ᠪᠥᠬᠦᠨ ᠬᠠᠷᠢᠭᠤᠴᠠᠯᠭ᠎ᠠ ᠪᠠᠨ ᠭᠦᠢᠴᠡᠳᠭᠡᠬᠦ

ᠪᠣᠯ ᠬᠠᠮᠤᠭ ᠤᠨ ᠰᠠᠶᠢᠨ ᠸᠠᠺᠼᠢᠨ ᠪᠣᠯᠤᠨ᠎ᠠ᠃ ᠰᠤᠷᠭᠠᠨ ᠬᠥᠮᠥᠵᠢᠯ ᠤᠨ ᠲᠢᠩᠬᠢᠮ ᠨᠢᠭᠡᠨᠲᠡ ᠬᠤᠯᠪᠤᠭᠠᠯᠠᠨ

ᠳᠠᠭᠠᠭᠠᠴᠢᠯᠠᠵᠤ ᠬᠢᠨᠠᠨ ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ

ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠠᠵᠢᠯ ᠢ ᠰᠠᠶᠢᠲᠤᠷ ᠬᠢᠬᠦ ᠶᠢ

ᠢᠳᠡᠪᠬᠢᠲᠡᠢ ᠳᠡᠮᠵᠢᠨ ᠵᠢᠯᠣᠭᠤᠳᠴᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠬᠢᠨᠠᠨ ᠵᠢᠯᠣᠭᠤᠳᠬᠤ

ᠳᠤᠭᠤᠶᠢᠯᠠᠩ ᠤᠨ ᠵᠢᠭᠠᠨ ᠭᠠᠷᠭᠠᠭᠰᠠᠨ ᠠᠰᠠᠭᠤᠳᠠᠯ ᠢ ᠳᠠᠷᠤᠢ ᠳᠤ ᠨᠢ ᠥᠭᠡᠷᠡᠴᠢᠯᠡᠵᠦ ᠨᠠᠶᠢᠳᠠᠪᠤᠷᠢᠵᠢᠭᠤᠯᠬᠤ

ᠭᠡᠷᠡᠭᠲᠡᠢ ᠭᠡᠵᠦ ᠱᠠᠠᠭᠠᠷᠳᠠᠪᠠ᠃

     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ

ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠭᠠᠵᠠᠷ ᠤᠨ ᠳᠠᠷᠤᠭ᠎ᠠ ᠶᠠᠨ ᠱᠣᠣ ᠾᠥᠩ ᠠᠴᠠ ᠣᠳᠣᠬᠠᠨ ᠤ

ᠰᠤᠷᠭᠠᠨ ᠬᠥᠮᠥᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠵᠢᠴᠢ

ᠰᠡᠷᠭᠡᠶᠢᠯᠡᠨ ᠡᠵᠡᠮᠳᠡᠬᠦ ᠠᠷᠭ᠎ᠠ ᠪᠣᠳᠤᠯᠭ᠎ᠠ ᠶᠢ ᠵᠢᠯᠣᠭᠤᠳᠬᠤ ᠬᠢᠴᠢᠶᠡᠯ ᠣᠷᠣᠪᠠ᠃ ᠪᠤᠭᠤᠲᠤ ᠬᠤᠲᠠ ᠶᠢᠨ ᠰᠤᠷᠭᠠᠨ

ᠬᠥᠮᠥᠵᠢᠯ ᠶᠢᠨ ᠳᠣᠪᠴᠢᠶ᠎ᠠ᠂ ᠬᠥᠯᠦᠨ ᠪᠦᠢᠷ ᠬᠤᠲᠠ ᠶᠢᠨ ᠰᠤᠷᠭᠠᠨ ᠬᠥᠮᠥᠵᠢᠯ ᠤᠨ ᠳᠣᠪᠴᠢᠶ᠎ᠠ᠂ ᠥᠪᠥᠷ

ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ

ᠵᠡᠷᠭᠡ 4 ᠨᠢᠭᠡᠴᠢ ᠰᠠᠨᠠᠯ ᠢᠶᠠᠨ ᠰᠣᠯᠢᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号