2022 ᠣᠨ ᠤ ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/20

     4 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ 2022 ᠣᠨ ᠤ ᠪᠥᠬᠦ ᠣᠷᠣᠨ ᠤ ᠦᠭᠡ ᠬᠡᠯᠡ

ᠥᠰᠥᠭ ᠪᠢᠴᠢᠭ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ

ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠪᠣᠯᠤᠨ ᠬᠡᠯᠡ ᠰᠣᠶᠣᠯ ᠤᠨ ᠲᠤᠬᠠᠢ ᠴᠢᠬᠤᠯᠠ

ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ 2022 ᠣᠨ ᠤ ᠪᠦᠬᠦ ᠤᠯᠤᠰ ᠤᠨ ᠦᠭᠡ ᠬᠡᠯᠡ

ᠦᠰᠦᠭ ᠪᠢᠴᠢᠭ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ

ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 2021 ᠣᠨ ᠤ ᠠᠵᠢᠯ ᠢ ᠳ᠋ᠦᠩᠨᠡᠵᠦ᠂ 2022 ᠣᠨ ᠤ ᠭᠤᠣᠯᠳᠠᠯᠭᠠᠲᠠᠢ

ᠡᠭᠦᠷᠭᠡ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠳᠤ ᠣᠷᠣᠯᠴᠠᠵᠤ ᠶᠠᠷᠢᠶ᠎ᠠ    

ᠲᠠᠯᠪᠢᠪᠠ᠃

     ᠬᠤᠷᠠᠯ ᠠᠴᠠ᠂ 2021 ᠣᠨ ᠠᠴᠠ ᠨᠠᠭᠠᠰᠢ᠂ ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ

ᠠᠵᠢᠯ ᠤᠨ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠣᠷᠣᠨ ᠤ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ

ᠪᠢᠴᠢᠭ ᠤᠨ ᠠᠵᠢᠯ ᠤᠨ ᠳᠡᠭᠡᠳᠦ ᠳᠡᠰ ᠤᠨ ᠲᠥᠯᠥᠪᠯᠡᠭᠡ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ

ᠭᠠᠵᠠᠷ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠡᠶᠢᠲᠡᠯᠢᠭ ᠬᠡᠯᠡᠨ ᠤ ᠰᠢᠯᠭᠠᠯᠲᠠ ᠶᠢᠨ ᠠᠵᠢᠯ ᠤᠨ

ᠠᠭᠤᠯᠤᠭᠳᠠᠬᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠭᠡ ᠬᠡᠯᠡ ᠦᠰᠦᠭ ᠪᠢᠴᠢᠭ ᠤᠨ

ᠦᠢᠯᠡᠴᠢᠯᠡᠭᠡᠨ ᠤ ᠴᠢᠳᠠᠪᠤᠷᠢ ᠶᠢ ᠢᠳᠡᠪᠬᠢᠲᠡᠢ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠬᠡᠯᠡ ᠰᠣᠶᠣᠯ ᠢ

ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠲᠡᠦᠬᠡ ᠶᠢᠨ ᠤᠶᠤᠨ ᠤᠬᠠᠭᠠᠨ ᠢ ᠰᠢᠩᠭᠡᠭᠡᠨ ᠠᠪᠬᠤ ᠶᠠᠪᠤᠴᠠ ᠳᠤ ᠲᠥᠪ

ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠵᠠᠮ ᠨᠡᠭᠡᠭᠡᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾

 ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃

     ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠥᠷᠥ ᠶᠢᠨ

ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠭᠡ ᠬᠡᠯᠡ ᠥᠰᠥᠭ

ᠪᠢᠴᠢᠭ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ

ᠪᠣᠳᠣᠯᠬᠢᠯᠠᠯ ᠪᠠ ᠰᠢᠰᠲ᠋ᠧᠮᠲᠡᠢ ᠲᠥᠯᠥᠪᠵᠢᠭᠦᠯᠭᠡ ᠪᠠᠨ ᠴᠢᠩᠭᠠᠳᠬᠠᠵᠤ᠂ ᠦᠭᠡ ᠬᠡᠯᠡ ᠥᠰᠥᠭ ᠪᠢᠴᠢᠭ ᠤᠨ

ᠦᠢᠯᠡᠰ ᠢ ︽ᠬᠤᠶᠠᠷ ᠶᠡᠭᠡ ᠲᠠᠯ᠎ᠠ︾ ᠳᠤ ᠠᠭᠤᠰᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂

ᠦᠭᠡ ᠬᠡᠯᠡ ᠥᠰᠥᠭ ᠪᠢᠴᠢᠭ ᠤᠨ ᠠᠵᠢᠯ ᠤᠨ ᠡᠯ᠎ᠡ  ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ

ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ  ᠴᠢᠬᠤᠯᠠᠴᠢᠯᠠᠪᠠ᠃

     ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠵᠠᠩᠭᠢᠯᠠᠭ᠎ᠠ ᠶᠢᠨ

ᠭᠤᠤᠯᠳᠠᠯᠭ᠎ᠠ ᠶᠢ ᠠᠳᠬᠤᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ

ᠰᠤᠷᠭᠠᠨ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ

ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂

ᠮᠠᠯᠵᠢᠬᠤ ᠲᠠᠷᠢᠶᠠᠯᠠᠬᠤ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ

ᠳᠡᠯᠭᠡᠷᠡᠭᠦᠯᠦᠨ ᠲᠦᠭᠡᠮᠡᠯᠵᠢᠭᠦᠯᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠲᠦᠭᠡᠮᠡᠯ ᠬᠦᠴᠦᠨ ᠨᠡᠮᠡᠷᠢᠯᠡᠬᠦ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ

ᠲᠥᠭᠡᠮᠡᠯᠵᠢᠭᠦᠯᠬᠦ ᠬᠡᠮᠵᠢᠶ᠎ᠡ ᠪᠠ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃

ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠩᠭᠤᠳᠠᠭ ᠪᠦᠲᠦᠭᠡᠯ ᠢ ᠣᠩᠰᠢᠵᠤ᠂ ᠬᠢᠲᠠᠳ ᠦᠰᠦᠭ ᠢ ᠪᠢᠴᠢᠵᠦ᠂

ᠨᠡᠷᠡᠲᠦ ᠪᠦᠲᠦᠭᠡᠯ ᠢ ᠤᠩᠰᠢᠬᠤ ᠵᠡᠷᠭᠡ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ︽ᠭᠡᠷ ᠣᠷᠣᠨ ᠮᠢᠨᠢ ᠳᠤᠮᠳᠠᠳᠤ

ᠤᠯᠤᠰ︾ ᠭᠡᠬᠦ ᠳᠤᠮᠳᠠᠳᠤ ᠶᠢᠨ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠵᠤ ᠳᠡᠯᠭᠡᠷᠡᠭᠦᠯᠬᠦ ᠠᠵᠢᠯᠯᠠᠭ᠎ᠠ

ᠪᠣᠯᠤᠨ ᠳᠤᠮᠳᠠᠳᠤ ᠶᠢᠨ ᠰᠣᠩᠭᠤᠳᠠᠭ ᠪᠦᠲᠦᠭᠡᠯ ᠢ ᠤᠩᠰᠢᠬᠤ ᠲᠣᠭᠤᠷᠢᠨ ᠲᠣᠭᠯᠠᠬᠤ ᠠᠵᠢᠯᠯᠠᠭ᠎ᠠ ᠶᠢ ᠵᠣᠬᠢᠶᠠᠨ

ᠪᠠᠶᠢᠭᠤᠯᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠲᠦᠭᠡᠮᠡᠯᠵᠢᠭᠦᠯᠬᠦ ᠠᠵᠢᠯᠯᠠᠭ᠎ᠠ ᠶᠢ

ᠳᠡᠯᠭᠡᠷᠡᠭᠦᠯᠬᠦ︾ ᠶᠢᠨ ᠲᠣᠭᠤᠷᠢᠨ ᠳᠤ 25 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠲᠦᠭᠡᠮᠡᠯᠵᠢᠭᠦᠯᠦᠯᠲᠡ ᠶᠢᠨ

ᠭᠠᠷᠠᠭ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠤᠮᠳᠠᠳᠤ ᠶᠢᠨ ᠰᠢᠯᠢᠳᠡᠭ ᠬᠡᠯᠡ

ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠦᠭᠡ ᠬᠡᠯᠡ ᠦᠰᠦᠭ ᠪᠢᠴᠢᠭ ᠤᠨ ᠠᠵᠢᠯ ᠤᠨ

ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ

ᠪᠢᠴᠢᠭ ᠢ ᠳᠡᠯᠭᠡᠷᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠦᠭᠡ ᠬᠡᠯᠡ ᠦᠰᠦᠭ ᠪᠢᠴᠢᠭ ᠤᠨ

ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠵᠢᠯ ᠤᠨ ᠳᠣᠲᠣᠷ᠎ᠠ ᠶᠡᠷᠦᠩᠬᠡᠶᠢᠯᠡᠭᠰᠡᠨ

ᠰᠤᠳᠤᠯᠭᠠᠨ ᠬᠢᠬᠦ᠂ ᠤᠯᠠᠮᠵᠢᠯᠠᠨ ᠳᠡᠯᠭᠡᠷᠡᠭᠦᠯᠬᠦ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ ᠶᠢ ᠨᠢᠭᠡ

ᠴᠣᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠢ ᠳᠡᠯᠭᠡᠷᠡᠭᠦᠯᠬᠦ ᠰᠠᠭᠤᠷᠢᠨ ᠭᠠᠵᠠᠷ ᠢ 35 ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠥᠪᠡᠷᠲᠡᠭᠡᠨ

ᠵᠠᠰᠠᠬᠤ ᠣᠷᠣᠨ ᠪᠠ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠬᠦᠷᠢᠶ᠎ᠡ ᠴᠠᠷᠠᠭ᠎ᠠ ᠬᠤᠪᠢᠶᠠᠭᠰᠠᠨ᠂ ᠣᠯᠠᠨ

ᠳᠡᠰ ᠤᠨ ᠦᠭᠡ ᠬᠡᠯᠡ ᠦᠰᠦᠭ ᠪᠢᠴᠢᠭ ᠤᠨ ᠲᠤᠰᠬᠠᠢ ᠮᠡᠷᠭᠡᠵᠢᠯᠲᠡᠨ ᠤ ᠡᠩᠨᠡᠭᠡ ᠪᠠ ᠮᠡᠳᠡᠭᠡ ᠵᠠᠩᠭᠢ ᠶᠢᠨ ᠬᠢᠨᠠᠯᠲᠠ

ᠲᠠᠯᠪᠢᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠭᠡ ᠬᠡᠯᠡ ᠦᠰᠦᠭ

ᠪᠢᠴᠢᠭ ᠤᠨ ᠦᠢᠯᠡᠰ ᠤᠨ ᠥᠭᠡᠷᠡᠴᠢᠯᠡᠯᠲᠡ  ᠬᠥᠭᠵᠢᠭᠦᠯᠦᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ

ᠭᠠᠷᠭᠠᠬᠤ ᠪᠠᠷ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ

ᠬᠦᠰᠡᠯ ᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ

ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃

     ᠬᠤᠷᠠᠯ ᠳᠡᠭᠡᠷ᠎ᠡ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ

ᠴᠠᠭᠳᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ

ᠲᠣᠪᠴᠢᠶ᠎ᠠ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢᠭᠡᠴᠢ ᠰᠠᠨᠠᠯ ᠢᠶᠠᠨ

ᠰᠣᠯᠢᠯᠴᠠᠭᠰᠠᠨ ᠪᠥᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠤᠨ ᠳᠡᠳ᠋

ᠳᠠᠷᠤᠭ᠎ᠠ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠰᠢᠤᠢ ᠶᠢᠨ ᠫᠷᠤᠹᠧᠰᠰᠤᠷ ᠢ ᠤᠷᠢᠵᠤ ᠥᠪᠡᠷᠲᠡᠭᠡᠨ ᠵᠠᠰᠠᠬᠤ

ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ ᠶᠢ ᠬᠡᠷᠡᠭᠵᠢᠭᠦᠯᠬᠦ ᠠᠷᠭ᠎ᠠ ᠶᠢ

ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ

ᠬᠥᠮᠦᠵᠢᠯ ᠤᠨ ᠲᠢᠩᠬᠢᠮ ᠤᠨ ᠬᠤᠯᠪᠤᠭᠳᠠᠬᠤ  ᠭᠠᠵᠠᠷ ᠳᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ

ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠶᠢᠨ

ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠤᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂

ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ

ᠣᠷᠣᠯᠴᠠᠵᠠᠶ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号