ᠮᠠᠨ ᠤ ᠣᠷᠣᠨ ︽ᠭᠡᠷ ᠬᠤᠲᠠᠯᠠᠭᠠᠷ ᠢᠶᠠᠨ ᠰᠣᠩᠭᠤᠳᠠᠭ ᠵᠣᠬᠢᠶᠠᠯ ᠢ ᠤᠩᠰᠢᠬᠤ︾ ᠰᠢᠨ᠎ᠡ ᠴᠠᠭ ᠦᠶ᠎ᠡ ᠶᠢ ᠤᠩᠰᠢᠬᠤ᠂ ᠳᠤᠮᠳᠠᠳᠤ ᠶᠢᠨ ᠰᠢᠯᠦᠭ ᠳᠠᠭᠤᠯᠠᠯ ᠤᠨ ᠤᠷᠠᠨ ᠣᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/4/26
     ᠥᠨᠢᠷ ᠲᠣᠮᠤ ᠳᠤᠮᠳᠠᠳᠤ ᠶᠢᠨ ᠰᠣᠩᠭᠤᠳᠠᠭ ᠵᠣᠬᠢᠶᠠᠯ ᠢ ᠰᠣᠨᠢᠷᠬᠠᠵᠤ᠂ ᠥᠷᠭᠡᠨ ᠳᠡᠯᠭᠡᠷ ᠡᠷᠲᠡᠨ ᠡᠳᠦᠭᠡ ᠶᠢᠨ ᠪᠣᠯᠪᠠᠰᠤᠨ ᠢ ᠣᠩᠰᠢᠨᠠᠮ᠃ 4 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ 27 ᠳᠠᠬᠢ ᠳᠡᠯᠡᠬᠡᠶ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠠᠴᠠ ᠲᠠᠶᠢᠴᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠠᠮᠲᠤᠷᠠᠨ ᠡᠷᠭᠢᠯᠡᠭᠰᠡᠨ ︽ᠬᠡᠷ ᠬᠤᠲᠠᠯᠠᠭᠠᠷ ᠢᠶᠠᠨ ᠰᠣᠩᠭᠤᠳᠠᠭ ᠵᠣᠬᠢᠶᠠᠯ ᠢ ᠤᠩᠰᠢᠬᠤ︾ ᠰᠢᠨ᠎ᠡ ᠴᠠᠭ ᠦᠶ᠎ᠡ ᠶᠢ ᠤᠩᠰᠢᠬᠤ᠂ ᠳᠤᠮᠳᠠᠳᠤ ᠶᠢᠨ ᠰᠢᠯᠦᠭ ᠳᠠᠭᠤᠯᠠᠯ ᠤᠨ ᠤᠷᠠᠨ ᠤᠩᠰᠢᠯᠭ᠎ᠠ ᠶᠢᠨ ᠠᠵᠢᠯᠯᠠᠭ᠎ᠠ ᠶᠢ ᠬᠥᠬᠡᠬᠤᠲᠠ ᠶᠢᠨ ᠿᠦ ᠢ ᠠᠭᠤᠳᠠᠮ ᠲᠠᠯᠠᠪᠠᠶ ᠳᠤ ᠲᠥᠪᠯᠡᠷᠡᠭᠦᠯᠦᠨ ᠲᠣᠭᠯᠠᠬᠤ ᠦᠵᠡᠭᠦᠯᠭᠡ ᠬᠢᠵᠦ᠂ ᠵᠢᠷᠭᠤᠭᠠᠨ ᠰᠢᠯᠢᠳᠡᠭ ᠬᠡᠷ ᠪᠦᠯᠢ ᠵᠢᠴᠢ ᠬᠡᠰᠡᠭ ᠰᠢᠯᠢᠳᠡᠭ ᠰᠤᠷᠤᠭᠴᠢ ᠶᠢᠨ ᠲᠥᠯᠥᠭᠡᠯᠡᠭᠴᠢ ᠠᠬᠤᠢ ᠲᠠᠯᠠᠪᠠᠶ ᠳᠤ ᠤᠷᠠᠨ ᠤᠩᠰᠢᠯᠭ᠎ᠠ ᠶᠢᠨ ᠲᠣᠭᠯᠠᠯᠲᠠ ᠭᠠᠷᠭᠠᠪᠠ᠃

     ︽ᠭᠡᠷ ᠬᠤᠲᠠᠯᠠᠭᠠᠷ ᠢᠶᠠᠨ ᠰᠣᠩᠭᠤᠳᠠᠭ ᠵᠣᠬᠢᠶᠠᠯ ᠢ ᠤᠩᠰᠢᠬᠤ︾ ᠠᠵᠢᠯᠯᠠᠭ᠎ᠠ ᠶᠢ ᠡᠷᠬᠢᠯᠡᠭᠰᠡᠨ ᠨᠢ

ᠶᠡᠷᠦᠩᠬᠡᠢ ᠱᠦᠵᠢ ᠰᠢ ᠶᠢᠨ ᠫᠢᠩ ᠤᠨ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠢ ᠴᠢᠳᠠᠮᠠᠭᠠᠢ

ᠣᠩᠰᠢᠬᠤ︾ ᠴᠢᠬᠤᠯᠠ ᠶᠠᠷᠢᠶᠠᠨ ᠤ ᠱᠠᠭᠠᠷᠳᠠᠯᠭ᠎ᠠ ᠶᠢ ᠦᠢᠯᠡᠳᠦᠯᠭᠡᠵᠢᠭᠦᠯᠦᠭᠰᠡᠨ ᠶᠠᠪᠤᠳᠠᠯ ᠪᠣᠯᠤᠨ᠎ᠠ︔ ᠪᠠᠰᠠ ᠴᠤ

︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠦᠨᠡᠨ ᠬᠦ

ᠨᠠᠶᠢᠳᠠᠪᠤᠷᠢᠵᠢᠭᠤᠯᠵᠤ᠂ ᠬᠡᠷ ᠪᠦᠯᠢ ᠪᠠ ᠰᠤᠷᠭᠠᠭᠤᠯᠢ ᠬᠠᠮᠲᠤ ᠪᠠᠷ ᠬᠥᠮᠦᠵᠢᠭᠦᠯᠬᠦ ᠶᠢ ᠠᠬᠢᠭᠤᠯᠬᠤ ᠴᠢᠬᠤᠯᠠ ᠠᠷᠭ᠎ᠠ

ᠬᠡᠮᠵᠢᠶ᠎ᠡ ᠪᠣᠯᠤᠨ᠎ᠠ︔ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ

ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ᠂

ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ

ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠦᠴᠦᠲᠡᠢ

ᠭᠠᠷᠳᠠᠴᠠ ᠪᠣᠯᠤᠨ᠎ᠠ᠃

     ᠣᠶᠢᠯᠠᠭᠠᠭᠰᠠᠨ ᠢᠶᠠᠷ᠂ ︽ᠬᠡᠷ ᠬᠤᠲᠠᠯᠠᠭᠠᠷ ᠢᠶᠠᠷ ᠢᠶᠠᠨ ᠰᠣᠩᠭᠤᠳᠠᠭ ᠵᠣᠬᠢᠶᠠᠯ ᠢ ᠤᠩᠰᠢᠬᠤ︾ ᠠᠵᠢᠯᠯᠠᠭ᠎ᠠ

ᠨᠢᠳᠤᠨᠤᠨ ᠤ 12 ᠰᠠᠷ᠎ᠠ ᠠᠴᠠ ᠡᠬᠢᠯᠡᠵᠦ᠂ ᠡᠨᠡ ᠵᠢᠯ ᠤᠨ ᠡᠴᠦᠰ ᠪᠣᠯᠲᠠᠯ᠎ᠠ ᠦᠷᠭᠦᠯᠵᠢᠯᠡᠨ᠎ᠡ᠃ ᠣᠳᠣᠬᠠᠨ ᠳᠤ᠂

ᠵᠠᠭᠤ ᠰᠢᠬᠠᠮ ᠬᠡᠷ ᠪᠦᠯᠢ ᠤᠩᠰᠢᠯᠭ᠎ᠠ ᠳᠤ ᠣᠷᠣᠯᠴᠠᠵᠤ᠂ ᠰᠢᠯᠢᠳᠡᠭ ᠢ ᠨᠢ ᠰᠣᠩᠭᠤᠵᠤ ᠰᠦᠯᠵᠢᠶᠡᠨ ᠭᠠᠳᠠᠨᠠᠬᠢ

ᠦᠵᠡᠭᠦᠯᠭᠡ ᠬᠢᠵᠦ ᠪᠠᠶᠢᠨ᠎ᠠ᠃ ᠠᠵᠢᠯᠯᠠᠭ᠎ᠠ ᠨᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠡᠪᠲᠡᠷ ᠠᠴᠠ

ᠬᠥᠮᠦᠰ ᠤᠨ ᠪᠠᠭ᠋ᠠᠷᠬᠠᠯ ᠢ ᠲᠠᠲᠠᠭᠰᠠᠨ ᠰᠢᠯᠦᠭ ᠵᠣᠬᠢᠶᠠᠯ ᠢ ᠰᠣᠩᠭᠤᠵᠤ᠂ ᠬᠡᠷ ᠪᠦᠯᠢ ᠪᠠᠷ ᠨᠢᠭᠡᠴᠢ ᠪᠣᠯᠭᠠᠨ

ᠰᠣᠩᠭᠤᠳᠠᠭ ᠵᠣᠬᠢᠶᠠᠯ ᠢ ᠤᠩᠰᠢᠬᠤ ᠶᠢ ᠠᠬᠢᠭᠤᠯᠵᠤ᠂ ᠡᠭᠦᠨ ᠤ ᠳᠣᠲᠣᠷᠠᠬᠢ ᠦᠨᠡᠨ ᠪᠣᠳᠠᠲᠠᠶ ᠰᠣᠳᠤᠯᠤᠭᠤᠰᠢᠲᠠᠢ

ᠲᠡᠦᠬᠡ ᠶᠢᠨ ᠮᠠᠲ᠋ᠧᠷᠢᠶᠠᠯ ᠢ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ

ᠣᠶᠢᠯᠠᠭᠠᠭᠤᠯᠬᠤ ᠪᠣᠯᠤᠨ᠎ᠠ᠃ ᠡᠭᠦᠨ ᠤ ᠬᠠᠮᠲᠤ᠂ ︽ᠬᠡᠷ ᠬᠤᠲᠠᠯᠠᠭᠠᠷ ᠢᠶᠠᠷ ᠢᠶᠠᠨ ᠰᠣᠩᠭᠤᠳᠠᠭ ᠵᠣᠬᠢᠶᠠᠯ ᠢ ᠤᠩᠰᠢᠬᠤ︾

ᠪᠤᠯᠤᠩ ᠢ ᠣᠷᠣᠶ ᠪᠦᠷᠢ ᠶᠢᠨ 19᠄ 00 ᠴᠠᠭ ᠲᠤ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ FM

105 . 6 ᠵᠠᠮ ᠬᠠᠷᠢᠯᠴᠠᠭᠠᠨ ᠤ ᠲᠠᠭᠤᠨ ᠢᠶᠠᠷ ᠨᠡᠪᠲᠡᠷᠡᠭᠦᠯᠦᠨ᠎ᠡ᠃

     ᠠᠬᠤᠢ ᠲᠠᠯᠠᠪᠠᠢ ᠳᠤ ᠪᠠᠰᠠ ᠨᠣᠮ ᠬᠦᠷᠭᠡᠬᠦ᠂ ᠨᠣᠮ ᠬᠤᠳᠠᠯᠳᠤᠬᠤ ᠠᠵᠢᠯᠯᠠᠭ᠎ᠠ ᠶᠢ ᠥᠷᠨᠢᠭᠦᠯᠪᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号