ᠥᠪᠥᠷ ᠮᠣᠩᠭᠤᠯ ᠤᠨ 2022 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠰᠢᠯᠭᠠᠭᠤᠯᠤᠭᠰᠠᠳ ᠠᠩᠬᠠᠷᠤᠭᠠᠷᠠᠶ︕
ᠨᠡᠶᠢᠲᠡᠯᠡᠭᠰᠡᠨ ᠴᠠᠭ᠄
2022/5/10
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠡᠩ ᠤᠨ        ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ        ᠳᠤ ᠰᠢᠯᠭᠠᠭᠤᠯᠤᠭᠰᠠᠳ ᠤᠨ ᠬᠢᠵᠢᠭ ᠢ ᠰᠡᠷᠭᠡᠶᠢᠯᠡᠬᠦ ᠪᠠᠶᠢᠳᠠᠯ ᠢ ᠣᠶᠢᠯᠠᠭᠠᠬᠤ ᠠᠯᠪᠠᠨ ᠵᠠᠷᠯᠠᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠳᠤᠭᠤᠶᠢᠯᠠᠩ ᠤᠨ ᠬᠢᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠳᠤ ᠵᠠᠪᠠᠯ ᠢᠯᠠᠵᠤ᠂ ᠥᠷᠭᠡᠨ ᠣᠯᠠᠨ ᠰᠢᠯᠭᠠᠭᠤᠯᠤᠭᠴᠢ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠪᠥᠬᠦ ᠰᠢᠯᠭᠠᠭᠤᠯᠤᠭᠴᠢ ᠶᠢ ᠳᠤᠤᠷᠠᠬᠢ ᠬᠢᠵᠢᠭ ᠢ ᠰᠡᠷᠭᠡᠶᠢᠯᠡᠬᠦ ᠪᠠᠶᠢᠳᠠᠯ ᠢ ᠰᠠᠶᠢᠲᠤᠷ ᠣᠶᠢᠯᠠᠭᠠᠬᠤ ᠬᠡᠷᠡᠭᠲᠡᠶ ᠭᠡᠵᠦ ᠱᠠᠭᠠᠷᠳᠠᠪᠠ᠄      ᠨᠢᠭᠡ᠂ ᠠᠯᠢ ᠴᠢᠳᠠᠬᠤ ᠪᠠᠷ 5 ᠰᠠᠷ᠎ᠠ ᠶᠢᠨ 24 ᠤ ᠡᠳᠦᠷ ᠠᠴᠠ ᠡᠮᠦᠨ᠎ᠡ ︵ᠰᠢᠯᠭᠠᠬᠤ ᠠᠴᠠ 14 ᠡᠳᠦᠷ ᠤᠨ ᠡᠮᠦᠨ᠎ᠡ︶ ᠰᠢᠯᠭᠠᠯᠲᠠ ᠶᠢᠨ ᠴᠡᠭ ᠤᠨ ᠪᠠᠶᠢᠭ᠎ᠠ ᠭᠠᠵᠠᠷ ᠲᠤ ᠬᠦᠷᠦᠨ᠎ᠡ᠃      ᠬᠤᠶᠠᠷ᠂ 5 ᠰᠠᠷ᠎ᠠ ᠶᠢᠨ 8 ᠤ ᠡᠳᠦᠷ ᠤᠨ 00᠄ 00-5 ᠰᠠᠷ᠎ᠠ ᠶᠢᠨ 9 ᠤ ᠡᠳᠦᠷ ᠤᠨ 12᠄ 00 ᠴᠠᠭ ᠠᠴᠠ ᠡᠮᠦᠨ᠎ᠡ ᠨᠢᠭᠡᠳᠦᠭᠡᠷ ᠤᠳᠠᠭ᠎ᠠ ᠡᠷᠡᠭᠦᠯ ᠮᠡᠨᠳᠦ ᠶᠢᠨ ᠺᠠᠷᠲ ᠢᠶᠠᠷ ᠪᠦᠷᠢᠳᠭᠡᠭᠦᠯᠦᠨ᠎ᠡ᠃      ᠭᠤᠷᠪᠠ᠂ 5 ᠰᠠᠷ᠎ᠠ ᠶᠢᠨ 14 ᠤ ᠡᠳᠦᠷ ᠤᠨ 22᠄ 00-5 ᠰᠠᠷ᠎ᠠ ᠶᠢᠨ 16 ᠤ ᠡᠳᠦᠷ ᠤᠨ 12᠄ 00 ᠴᠠᠭ ᠠᠴᠠ ᠡᠮᠦᠨ᠎ᠡ ᠬᠤᠶᠠᠳᠤᠭᠠᠷ ᠤᠳᠠᠭ᠎ᠠ ᠡᠷᠡᠭᠦᠯ ᠮᠡᠨᠳᠦ ᠶᠢᠨ ᠺᠠᠷᠲ ᠢᠶᠠᠷ ᠪᠦᠷᠢᠳᠭᠡᠭᠦᠯᠦᠨ᠎ᠡ᠃      ᠳᠥᠷᠪᠡ᠂ 5 ᠰᠠᠷ᠎ᠠ ᠶᠢᠨ 23 ᠤ ᠡᠳᠦᠷ ᠠᠴᠠ 6 ᠰᠠᠷ᠎ᠠ ᠶᠢᠨ 9 ᠤ ᠡᠳᠦᠷ ᠪᠣᠯᠲᠠᠯ᠎ᠠ᠂ ᠡᠳᠦᠷ ᠪᠦᠷᠢ ᠶᠢᠨ 14᠄ 00-ᠬᠤᠶᠠᠳᠤᠭᠠᠷ ᠡᠳᠦᠷ ᠤᠨ 12᠄ 00 ᠴᠠᠭ ᠠᠴᠠ ᠡᠮᠦᠨ᠎ᠡ ᠡᠳᠦᠷ ᠪᠦᠷᠢ ᠨᠢᠭᠡ ᠤᠳᠠᠭ᠎ᠠ ᠺᠠᠷᠲ ᠢᠶᠠᠷ ᠪᠦᠷᠢᠳᠭᠡᠭᠦᠯᠦᠨ᠎ᠡ᠃      ᠲᠠᠪᠤ᠂ ᠳᠡᠭᠡᠷᠡᠬᠢ ᠱᠠᠭᠠᠷᠳᠠᠯᠭ᠎ᠠ ᠶᠢ ᠭᠦᠢᠴᠡᠳᠭᠡᠭᠰᠡᠨ ᠥᠬᠡᠶ ᠠᠴᠠ ᠪᠣᠯᠵᠤ ᠰᠢᠯᠭᠠᠯᠲᠠ ᠳᠤ ᠪᠡᠯᠡᠳᠬᠡᠬᠦ᠂ ᠰᠢᠯᠭᠠᠬᠤ ᠵᠡᠷᠭᠡ ᠨᠢ ᠨᠥᠯᠦᠭᠡᠯᠡᠭᠳᠡᠭᠰᠡᠨ ᠪᠣᠯ ᠰᠢᠯᠭᠠᠭᠤᠯᠤᠭᠰᠠᠳ ᠥᠪᠡᠰᠦᠪᠡᠨ ᠬᠠᠷᠢᠭᠤᠴᠠᠯᠭ᠎ᠠ ᠡᠭᠦᠷᠭᠡᠯᠡᠨ᠎ᠡ᠃      ᠶᠠᠭᠤᠨ ᠤ ᠡᠮᠦᠨ᠎ᠡ ᠭᠠᠷ ᠤᠲᠠᠰᠤᠨ ᠳᠤ ᠪᠠᠨ ᠬᠠᠮᠤᠭ ᠤᠨ ᠰᠢᠨ᠎ᠡ ︽ᠪᠠᠶ ᠳ᠋ᠦ᠋ APP︾ ᠢ ᠤᠭᠰᠠᠷᠠᠵᠤ᠂ ︽ᠪᠠᠶ ᠳ᠋ᠦ᠋ APP︾ ᠢᠶᠠᠷ ᠳᠠᠮᠵᠢᠭᠤᠯᠤᠨ ︽ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ︾ ᠢ ᠡᠷᠢᠬᠦ ᠪᠤᠶᠤ ᠳᠤᠤᠷᠠᠬᠢ ᠬᠤᠶᠠᠷ ᠬᠡᠮᠵᠢᠯᠳᠦ ᠺᠣᠳ᠋ ᠢ ᠰᠢᠷᠪᠢᠵᠦ ᠵᠢᠵᠢᠭ ᠫᠷᠤᠭ᠍ᠷᠠᠮ ᠳᠤ ᠣᠷᠣᠨ᠎ᠠ᠃

     ︽ᠰᠣᠷᠣᠭᠴᠢ ᠶᠢᠨ ᠡᠷᠡᠭᠦᠯ ᠮᠡᠨᠳᠦ ᠶᠢᠨ ᠺᠠᠷᠲ ᠢᠶᠠᠷ ᠪᠦᠷᠢᠳᠬᠡᠭᠦᠯᠬᠦ ᠰᠢᠰᠲ᠋ᠧᠮ︾ ᠢ ᠲᠣᠪᠴᠢᠳᠠᠨ ᠳᠠᠩᠰᠠᠯᠠᠬᠤ

ᠨᠢᠭᠤᠷ ᠲᠤ ᠣᠷᠣᠵᠤ᠂ ᠰᠢᠯᠭᠠᠭᠤᠯᠤᠭᠴᠢ ᠶᠢᠨ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠡᠩ ᠤᠨ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ ᠨᠢᠭᠤᠴᠠ

ᠨᠣᠮᠧᠷ ᠪᠠ ᠰᠢᠯᠭᠠᠨ ᠪᠠᠲᠤᠯᠠᠬᠤ ᠺᠣᠳ᠋ ︵ᠰᠢᠯᠭᠠᠨ ᠪᠠᠲᠤᠯᠠᠬᠤ ᠺᠣᠳ᠋ ᠢ ᠶᠡᠭᠡ ᠪᠠᠭ᠎ᠠ ᠪᠢᠴᠢᠯᠭᠡ ᠭᠡᠵᠦ ᠢᠯᠭᠠᠬᠤ ᠥᠬᠡᠶ︶

 ᠢᠶᠠᠨ ᠣᠷᠣᠭᠤᠯᠤᠨ᠎ᠠ᠃

     1 . ᠰᠢᠯᠭᠠᠭᠤᠯᠤᠭᠴᠢ ᠶᠢᠨ ᠺᠠᠷᠲ ᠢᠶᠠᠷ ᠪᠦᠷᠢᠳᠬᠡᠭᠦᠯᠬᠦ ᠬᠠᠶ᠋ᠢᠭ

     ᠰᠢᠯᠭᠠᠭᠤᠯᠤᠭᠴᠢ ᠶᠢᠨ ᠣᠳᠣ ᠶᠢᠨ ᠰᠠᠭᠤᠭ᠎ᠠ ᠭᠠᠵᠠᠷ᠄ ᠳᠣᠪᠴᠢᠳᠠᠵᠤ ᠣᠷᠣᠨ ᠪᠠᠶᠢᠷᠢ ᠲᠣᠭᠲᠠᠭᠠᠬᠤ ᠬᠠᠶ᠋ᠢᠭ

︵ᠭᠠᠷ ᠤᠲᠠᠰᠤᠨ ᠤ ᠪᠠᠨ ᠭᠠᠵᠠᠷ ᠵᠦᠶ ᠶᠢᠨ ᠣᠷᠣᠨ ᠪᠠᠶᠢᠷᠢ ᠳᠣᠭᠲᠠᠭᠠᠬᠤ ᠴᠢᠳᠠᠮᠵᠢ ᠶᠢ ᠨᠢᠭᠡᠨᠲᠡ ᠨᠡᠭᠡᠭᠡᠭᠰᠡᠨ ᠢ

ᠦᠨᠡᠨ ᠬᠦ ᠪᠠᠲᠤᠯᠠᠨ᠎ᠠ︶ ᠢ ᠣᠯᠤᠨ᠎ᠠ᠃

     ᠨᠠᠷᠢᠨ ᠲᠣᠳᠤᠷᠬᠠᠢ ᠬᠠᠶ᠋ᠢᠭ᠄ ᠵᠡᠭᠡᠯᠢ ᠭᠤᠳᠤᠮᠵᠢ ︵ᠰᠢᠶᠠᠩ ᠪᠠᠯᠭᠠᠰᠤ᠂ ᠰᠤᠮᠤ︶᠂ ᠲᠣᠭᠤᠷᠢᠭ ︵ᠲᠣᠰᠬᠤᠨ᠂

ᠭᠠᠴᠠᠭ᠎ᠠ︶ ᠬᠦᠷᠲᠡᠯ᠎ᠡ ᠪᠣᠳᠠᠲᠠᠢ ᠪᠠᠶᠢᠬᠤ

     2 . ᠰᠢᠯᠭᠠᠭᠤᠯᠤᠭᠴᠢ ᠰᠢᠯᠭᠠᠯᠲᠠ ᠶᠢᠨ ᠴᠡᠭ ᠠᠴᠠ ᠭᠠᠳᠠᠨᠠᠬᠢ ᠭᠠᠵᠠᠷ ᠣᠷᠣᠨ ᠳᠤ ᠰᠠᠭᠤᠵᠤ ᠪᠠᠶᠢᠭᠰᠠᠨ

ᠪᠠᠶᠢᠳᠠᠯ

     ᠰᠢᠯᠭᠠᠯᠲᠠ ᠶᠢᠨ ᠴᠡᠭ ᠠᠴᠠ ᠭᠠᠳᠠᠨᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠠᠭᠤᠵᠤ ᠪᠠᠶᠢᠭᠰᠠᠨ

ᠪᠣᠯ ᠡᠷᠬᠡᠪᠰᠢ ᠳᠣᠣᠷᠠᠬᠢ 4 ᠵᠦᠢᠯ ᠤᠨ ᠠᠭᠤᠯᠭ᠎ᠠ ᠶᠢ ᠣᠷᠣᠭᠤᠯᠬᠤ ᠬᠡᠷᠡᠭᠲᠡᠶ᠃

     ︵1︶ ᠰᠢᠯᠭᠠᠯᠲᠠ ᠶᠢᠨ ᠴᠡᠭ ᠠᠴᠠ ᠭᠠᠳᠠᠨᠠᠬᠢ ᠬᠤᠰᠢᠭᠤ ᠰᠢᠶᠠᠨ ᠳᠤ ᠰᠠᠭᠤᠵᠤ ᠪᠠᠶᠢᠭᠰᠠᠨ ᠰᠢᠯᠲᠠᠭᠠᠨ᠄

ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠴᠠ ᠪᠣᠯᠵᠣ ᠰᠠᠭᠤᠵᠤ ᠪᠠᠶᠢᠭᠰᠠᠨ ᠭᠠᠵᠠᠷ ᠠᠴᠠ ᠰᠠᠯᠵᠤ ᠴᠢᠳᠠᠬᠤ

ᠥᠬᠡᠶ ᠪᠣᠯᠤᠭᠰᠠᠨ ᠪᠣᠯ ︽ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ︾ ᠶᠢ ᠰᠣᠩᠭᠤᠵᠤ᠂ ᠭᠠᠳᠠᠷ ᠣᠷᠣᠨ ᠳᠤ

ᠰᠤᠷᠤᠯᠴᠠᠵᠤ ᠪᠠᠶᠢᠭ᠎ᠠ ᠵᠡᠷᠭᠡ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠠᠴᠠ ᠪᠣᠯᠤᠭᠰᠠᠨ

ᠪᠣᠰᠤ ᠪᠣᠯ ︽ᠬᠢᠵᠢᠭ ᠤᠨ ᠪᠤᠰᠤ ᠰᠢᠯᠲᠠᠭᠠᠨ︾ ᠢ ᠰᠣᠩᠭᠤᠨ᠎ᠠ

     ︵2︶ ᠪᠣᠳᠠᠲᠠᠢ ᠰᠢᠯᠲᠠᠭᠠᠨ᠄ ᠵᠢᠱᠢᠶᠡᠯᠡᠪᠡᠯ᠂ ᠶᠠᠮᠠᠷ ᠨᠢᠭᠡᠨ ᠮᠤᠵᠢ ᠶᠢᠨ ᠶᠠᠮᠠᠷ ᠨᠢᠭᠡᠨ ᠬᠤᠲᠠ᠂ ᠰᠢᠶᠠᠨ ᠤ

ᠶᠠᠮᠠᠷ ᠨᠢᠭᠡᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ

     ︵3︶ ᠪᠤᠴᠠᠬᠤ ᠪᠠᠷ ᠵᠢᠱᠢᠭᠰᠡᠨ ᠡᠳᠦᠷ ᠬᠤᠭᠤᠴᠠᠭ᠎ᠠ᠄ ᠵᠢᠱᠢᠶᠡᠯᠡᠪᠡᠯ᠂ 2022 - 05 - 10

     ︵4︶ ᠪᠤᠴᠠᠬᠤ ᠵᠠᠮ ᠬᠠᠷᠢᠯᠴᠠᠭᠠᠨ ᠤ ᠠᠷᠭ᠎ᠠ ᠮᠠᠶ᠋ᠢᠭ᠄ ᠵᠢᠱᠢᠶᠡᠯᠡᠪᠡᠯ᠂ ᠭᠠᠯᠲᠤ ᠲᠡᠷᠭᠡ

     3 . ᠡᠷᠡᠭᠦᠯ ᠮᠡᠨᠳᠦ ᠶᠢᠨ ᠪᠠᠶᠢᠳᠠᠯ

     ︵1︶ ᠥᠨᠥᠳᠦᠷ ᠤᠨ ᠪᠡᠶ᠎ᠡ ᠶᠢᠨ  ᠬᠠᠯᠠᠭᠤᠨ ︵°C︶

     ᠡᠷᠡᠭᠦᠯ ︵37 . 3℃ ᠠᠴᠠ ᠪᠠᠭ᠎ᠠ︶ ᠪᠤᠶᠤ ᠬᠠᠯᠠᠭᠤᠷᠠᠬᠤ ︵37 . 3℃ ᠠᠴᠠ ᠶᠡᠭᠡ︶ ᠶᠢ ᠰᠣᠩᠭᠤᠬᠤ

     ︵2︶ ᠪᠡᠶ᠎ᠡ ᠶᠢᠨ ᠪᠠᠶᠢᠳᠠᠯ ︵ᠰᠣᠩᠭᠤᠵᠤ ᠲᠠᠭᠯᠠᠬᠤ᠂ ᠢᠯᠡᠭᠦᠦ ᠰᠣᠩᠭᠤᠵᠤ ᠪᠣᠯᠤᠨ᠎ᠠ︶᠂ ᠬᠡᠷᠪᠡ ᠪᠡᠶ᠎ᠡ ᠡᠪ

ᠦᠭᠡᠢ ᠪᠠᠶᠢᠳᠠᠯ ᠦᠭᠡᠢ ᠪᠣᠯ ᠰᠣᠩᠭᠤᠬᠤ ᠦᠭᠡᠢ ᠪᠠᠶᠢᠵᠤ ᠪᠣᠯᠤᠨ᠎ᠠ

     4 . ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠬᠡᠪᠰᠢ ᠮᠡᠳᠡᠬᠦ ᠵᠦᠢᠯ

     ︽ᠬᠤᠪᠢ ᠬᠥᠮᠦᠨ ᠤ ᠠᠮᠠᠯᠠᠯᠲᠠ︾ ᠶᠢ ᠰᠣᠩᠭᠤᠬᠤ

     ᠲᠤᠰ ᠬᠥᠮᠦᠨ ᠮᠡᠳᠡᠭᠡ ᠵᠠᠩᠭᠢ ᠶᠢᠨ ᠠᠭᠤᠯᠭ᠎ᠠ ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ

ᠴᠢᠨᠠᠷ ᠲᠤ ᠪᠠᠨ ᠬᠠᠷᠢᠭᠤᠴᠠᠨ᠎ᠠ᠂ ᠬᠡᠷᠪᠡ ᠮᠡᠳᠡᠭᠡ ᠵᠠᠩᠭᠢ ᠪᠤᠷᠤᠭᠤ ᠪᠤᠶᠤ ᠳᠤᠲᠠᠭᠤ ᠪᠣᠯ ᠲᠤᠰ ᠬᠥᠮᠦᠨ ᠡᠭᠦᠨ ᠠᠴᠠ

ᠪᠣᠯᠤᠭᠰᠠᠨ ᠠᠯᠢᠪᠠ ᠦᠷ᠎ᠡ ᠳ᠋ᠦᠩ ᠢ ᠳᠤᠷᠠᠲᠠᠶ᠎ᠠ ᠡᠭᠦᠷᠭᠡᠯᠡᠨ᠎ᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号