2022 ᠣᠨ ᠤ ᠪᠥᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠤᠭᠠᠲᠤ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2022/5/19

     ᠮᠠᠨ ᠤ ᠤᠯᠤᠰ ᠤᠨ ᠰᠤᠷᠤᠭᠴᠢᠳ ᠤᠨ ᠣᠶᠢᠷ᠎ᠠ ᠬᠠᠷᠠᠭᠠᠨ ᠤ ᠠᠰᠠᠭᠤᠳᠠᠯ ᠤᠨ ᠲᠤᠬᠠᠶ ᠶᠡᠷᠦᠩᠬᠡᠶ ᠱᠦᠵᠢ

ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ

ᠡᠵᠡᠮᠳᠡᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠦᠬᠦᠯᠢ ᠴᠣᠭᠴᠠ ᠪᠠᠷ ᠨᠢᠭᠡᠳᠦᠯᠲᠡᠶ

ᠲᠥᠯᠥᠪᠵᠢᠭᠦᠯᠬᠦ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ

ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ 5

ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠠᠴᠠ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ

ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠤᠭᠠᠲᠤ ᠬᠤᠷᠠᠯ ᠢ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ

ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠶ

ᠰᠤᠷᠭᠠᠭᠤᠯᠢ ᠪᠠᠶᠢᠴᠠᠭᠠᠭᠴᠢ ᠵᠠᠩ ᠰᠢ ᠷᠦᠩ ᠬᠤᠷᠠᠯ ᠢ ᠡᠷᠭᠢᠯᠡᠪᠡ᠃

     ᠬᠤᠷᠠᠯ ᠠᠴᠠ 2021 ᠣᠨ ᠳᠤ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ

ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ

ᠮᠡᠳᠡᠭᠳᠡᠪᠡ᠃ ᠬᠤᠯᠪᠤᠭᠠᠲᠤ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠢᠨ ᠲᠤᠰ ᠰᠠᠯᠠᠭ᠎ᠠ ᠮᠥᠴᠢᠷ ᠤᠨ ᠢᠶᠠᠨ

ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠠᠵᠢᠯ ᠤᠨ ᠳᠤᠷᠰᠢᠯᠭ᠎ᠠ ᠪᠠᠨ ᠰᠣᠯᠢᠯᠴᠠᠵᠤ᠂ ᠠᠰᠠᠭᠤᠳᠠᠯ ᠢ

ᠡᠷᠢᠵᠦ᠂ ᠠᠷᠭ᠎ᠠ ᠪᠤᠳᠤᠯᠭ᠎ᠠ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ

ᠡᠵᠡᠮᠳᠡᠬᠦ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ

ᠮᠡᠷᠭᠡᠵᠢᠯᠲᠡᠨ ᠤ ᠵᠢᠯᠣᠭᠤᠳᠬᠤ ᠵᠥᠪᠯᠡᠯ ᠤᠨ ᠲᠤᠰᠬᠠᠶ ᠮᠡᠷᠭᠡᠵᠢᠯᠲᠡᠨ ᠠᠴᠠ 2021 ᠣᠨ ᠤ ᠣᠶᠢᠷ᠎ᠠ ᠬᠠᠷᠠᠭᠠᠨ ᠤ

ᠪᠠᠶᠢᠴᠠᠭᠠᠯᠲᠠ ᠶᠢᠨ ᠦᠷ᠎ᠡ ᠳ᠋ᠦᠩ ᠢ ᠵᠠᠷᠯᠠᠨ ᠮᠡᠳᠡᠭᠳᠡᠵᠦ ᠲᠤᠭ᠎ᠠ ᠪᠠᠷᠢᠮᠲᠠ ᠶᠢ ᠵᠠᠳᠠᠯᠵᠤ᠂ 2022 ᠣᠨ ᠳᠤ

ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠶ ᠤᠬᠠᠭᠤᠯᠤᠨ ᠲᠠᠶᠢᠯᠪᠤᠷᠢᠯᠠᠬᠤ ᠲᠥᠯᠥᠪᠯᠡᠭᠡ ᠶᠢ ᠬᠠᠷᠢᠭᠤ

ᠮᠡᠳᠡᠭᠦᠯᠦᠭᠰᠡᠨ ᠪᠥᠭᠡᠳ ᠰᠠᠨᠠᠯ ᠪᠠ ᠰᠠᠨᠠᠭᠤᠯᠭ᠎ᠠ ᠵᠢᠴᠢ ᠳᠠᠷᠠᠭ᠎ᠠ ᠠᠯᠬᠤᠮ ᠤᠨ ᠠᠵᠢᠯ ᠤᠨ ᠰᠡᠳᠬᠢᠮᠵᠢ ᠪᠠᠨ

ᠳᠤᠷᠠᠳᠴᠠᠶ᠃ ᠬᠤᠷᠠᠯ ᠠᠴᠠ ᠪᠠᠰᠠ 2020 ᠣᠨ ᠤ ᠪᠥᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ

ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠦᠨᠡᠯᠡᠨ ᠶᠠᠷᠢᠯᠴᠠᠵᠤ ᠰᠢᠯᠭᠠᠨ ᠬᠢᠨᠠᠭᠰᠠᠨ

ᠦᠷ᠎ᠡ ᠳ᠋ᠦᠩ ᠵᠢᠴᠢ 2022 ᠣᠨ ᠤ ᠭᠤᠣᠯᠳᠠᠯᠭᠠᠲᠠᠢ ᠠᠵᠢᠯ ᠤᠨ ᠲᠥᠯᠥᠪᠯᠡᠭᠡ ᠶᠢ ᠬᠢᠨᠠᠨ ᠵᠥᠪᠯᠡᠵᠦ    

ᠪᠠᠲᠤᠯᠠᠪᠠ᠃

     ᠬᠤᠷᠠᠯ ᠠᠴᠠ᠂ ᠬᠡᠦᠬᠡᠳ ᠵᠠᠯᠠᠭᠤᠴᠤᠳ ᠪᠠᠭᠠᠴᠤᠳ ᠤᠨ ᠤᠢᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ

ᠡᠵᠡᠮᠳᠡᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ᠂ ᠪᠠᠰᠠ ᠴᠤ ᠠᠷᠠᠳ ᠤᠨ ᠠᠮᠢᠳᠤᠷᠠᠯ ᠤᠨ ᠢᠨᠵᠧᠨᠧᠷᠢᠩ

ᠮᠥᠨ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠬᠤᠯᠪᠤᠭᠠᠲᠤ ᠬᠤᠷᠠᠯ ᠤᠨ ᠲᠣᠭᠲᠠᠴᠠ ᠶᠢᠨ ᠨᠢᠭᠡᠳᠦᠯᠲᠡᠢ

ᠲᠥᠯᠥᠪᠵᠢᠭᠦᠯᠦᠨ ᠵᠣᠬᠢᠴᠠᠭᠤᠯᠬᠤ᠂ ᠬᠦᠴᠦ ᠪᠠᠨ ᠬᠠᠮᠲᠤᠳᠬᠠᠨ ᠠᠬᠢᠭᠤᠯᠬᠤ ᠦᠢᠯᠡᠳᠦᠯ ᠢ ᠤᠯᠠᠮ ᠴᠠᠭᠠᠠᠰᠢᠲᠠ

ᠪᠠᠳᠠᠷᠠᠭᠤᠯᠵᠤ᠂ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂

ᠳᠦᠷᠢᠮᠵᠢᠭᠦᠯᠦᠭᠰᠡᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ

ᠠᠳᠬᠤᠵᠤ᠂ ᠪᠦᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠤᠢᠢᠷ᠎ᠠ ᠬᠠᠷᠠᠭ᠎ᠠ ᠶᠢ ᠶᠡᠷᠦᠩᠬᠡᠶᠢᠯᠡᠨ

ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠬᠤᠷᠠᠯ ᠠᠴᠠ᠂ ᠡᠯ᠎ᠡ ᠭᠠᠵᠠᠷ ᠪᠣᠯᠤᠨ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠬᠡᠦᠬᠡᠳ ᠵᠠᠯᠠᠭᠤᠴᠤᠳ

ᠪᠠᠭᠠᠴᠤᠳ ᠤᠨ ᠬᠠᠷᠠᠭ᠎ᠠ ᠶᠢ ᠬᠠᠮᠠᠭᠠᠯᠠᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠯᠠᠮᠵᠢᠯᠠᠵᠤ᠂

ᠳᠡᠮᠵᠢᠵᠦ᠂ ᠣᠷᠣᠯᠴᠠᠵᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂

ᠲᠤᠰᠬᠠᠶ ᠮᠡᠷᠭᠡᠵᠢᠯᠲᠡᠨ ᠠᠴᠠ ᠵᠢᠯᠣᠭᠤᠳᠬᠤ᠂ ᠰᠤᠷᠭᠠᠭᠤᠯᠢ ᠶᠢᠨ ᠰᠤᠷᠭᠠᠨ ᠬᠥᠮᠥᠵᠢᠭᠦᠯᠬᠦ᠂ ᠬᠡᠷ ᠪᠦᠯᠢ ᠶᠢᠨ ᠬᠢᠨ

ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠣᠷᠣᠨ ᠤ ᠬᠡᠦᠬᠡᠳ ᠵᠠᠯᠠᠭᠤᠴᠤᠳ

ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠵᠦ᠂

ᠬᠡᠦᠬᠡᠳ ᠨᠢᠭᠡ ᠪᠦᠷᠢ ᠳᠤ ᠴᠥᠮ ᠬᠤᠤᠰ ᠲᠤᠩᠭᠠᠯᠠᠭ ᠮᠡᠯᠮᠡᠢ ᠪᠠ ᠬᠡᠭᠡᠨ ᠰᠠᠷᠠᠭᠤᠯ ᠢᠷᠡᠭᠡᠳᠦᠶ ᠲᠠᠢ ᠪᠣᠯᠭᠠᠬᠤ

ᠬᠡᠷᠡᠭᠲᠡᠶ ᠭᠡᠵᠦ ᠱᠠᠭᠠᠷᠳᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ

ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠪᠯᠡᠯ ᠤᠨ ᠬᠤᠷᠢᠶ᠎ᠠ᠂

ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠬᠤᠯᠪᠤᠭᠠᠲᠤ ᠬᠤᠷᠠᠯ ᠤᠨ

10 ᠪᠦᠷᠢᠯᠳᠦᠬᠦᠨ ᠨᠢᠭᠡᠴᠢ ᠵᠢᠴᠢ ᠰᠤᠷᠭᠠᠨ ᠬᠥᠮᠦᠵᠢᠯ ᠤᠨ ᠲᠢᠩᠬᠢᠮ ᠤᠨ ᠬᠤᠯᠪᠤᠭᠳᠠᠬᠤ ᠭᠠᠵᠠᠷ ᠳᠠᠰᠤᠭ ᠤᠨ

ᠬᠠᠷᠢᠭᠤᠴᠠᠯᠭᠠᠲᠠᠨ ᠡᠨᠡ ᠤᠳᠠᠭᠠᠨ ᠤ ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号