| | 5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤᠮᠳᠠᠳᠤ ᠤᠯᠤᠰ | ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠳᠡᠭᠡᠷᠡᠬᠢᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | | 5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ | ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠷᠠᠯᠳᠤᠭᠤᠯᠤᠭᠰᠠᠨ ᠳᠤᠮᠳᠠᠳᠤ ᠤᠯᠤᠰ ᠤᠨ | ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠰᠤᠷᠪᠤᠯᠵᠢᠯᠠᠭᠴᠢ ᠶᠤᠸᠠᠨ ᠶᠦᠩ ᠾᠦᠩ ᠰᠡᠭᠦᠳᠡᠷᠯᠡᠪᠡ᠃ | | | | | | 5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠬᠤᠷᠠᠯᠳᠤᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠠᠭᠤᠳᠠᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ | ᠰᠤᠷᠪᠤᠯᠵᠢᠯᠠᠭᠴᠢ ᠶᠤᠸᠠᠨ ᠶᠦᠩ ᠾᠦᠩ ᠰᠡᠭᠦᠳᠡᠷᠯᠡᠪᠡ᠃ | | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ ᠰᠠᠭᠤᠳᠠᠯ ᠤᠨ ᠬᠤᠷᠠᠯ ᠢ ᠡᠷᠬᠢᠯᠡᠵᠦ᠂ | ᠢᠦᠢ ᠯᠢ ᠰᠢᠨ ᠣᠷᠣᠯᠴᠠᠵᠠᠢ᠃ ᠬᠤᠷᠠᠯ ᠳᠡᠭᠡᠷ᠎ᠡ᠂ ᠡᠪᠯᠡᠯ ᠤᠨ ᠺᠠᠳ᠋ᠷ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠭᠡᠰᠢᠭᠦᠨ ᠪᠠ ᠵᠠᠯᠠᠭᠤᠴᠤᠳ ᠤᠨ ᠲᠥᠯᠥᠭᠡᠯᠡᠭᠴᠢ ᠸᠠᠩ ᠵᠢᠶᠦ᠋ᠨ ᠪᠥᠸᠧ᠂ ᠡᠤ ᠴᠢᠶᠦ᠋ᠩ᠂ ᠯᠢᠦ ᠰᠢᠶᠤᠤ ᠢᠦᠶ᠂ | ᠬᠥᠩ ᠵᠧ᠂ ᠰᠢᠤᠢ ᠰᠢᠶᠤᠤ ᠭᠠᠩ ᠤᠷᠢᠳ ᠬᠤᠵᠢᠳ ᠦᠭᠡ ᠶᠠᠷᠢᠵᠤ᠂ ᠠᠳᠠᠯᠢ ᠪᠤᠰᠤ ᠬᠠᠷᠠᠭᠠᠰᠤ ᠠᠴᠠ | ᠰᠤᠷᠤᠯᠴᠠᠭᠰᠠᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠥᠰᠦᠨ ᠪᠣᠶᠢᠵᠢᠭᠰᠠᠨ ᠰᠡᠳᠭᠢᠭᠳᠡᠯ ᠢᠶᠠᠨ | ᠬᠤᠪᠢᠶᠠᠯᠴᠠᠨ ᠡᠳ᠋ᠯᠡᠵᠦ᠂ ᠰᠢᠨ᠎ᠡ ᠠᠶᠠᠯᠠᠯ ᠳᠤ ᠰᠢᠷᠭᠠᠭᠤ ᠰᠤᠷᠤᠯᠴᠠᠨ ᠬᠠᠲᠠᠭᠤᠵᠢᠯᠲᠠᠢ ᠪᠣᠯᠪᠠᠰᠤᠷᠠᠵᠤ᠂ ᠭᠠᠪᠢᠶ᠎ᠠ | ᠪᠠᠶᠢᠭᠤᠯᠤᠨ ᠦᠢᠯᠡᠰ ᠪᠦᠲᠦᠭᠡᠬᠦ ᠢᠲᠡᠭᠡᠯ ᠵᠣᠷᠢᠭ ᠪᠠ ᠡᠷᠡᠰ ᠵᠣᠷᠢᠭ ᠢᠶᠠᠨ ᠢᠯᠡᠳᠭᠡᠪᠡ᠃ | | | | | | ᠰᠠᠭᠤᠳᠠᠯ ᠤᠨ ᠬᠤᠷᠠᠯ ᠳᠤ ᠣᠷᠣᠯᠴᠠᠭᠰᠠᠨ ᠡᠯ᠎ᠡ ᠠᠶᠢᠮᠠᠭ ᠬᠤᠳᠠ ᠶᠢᠨ ᠡᠪᠯᠡᠯ ᠤᠨ ᠺᠠᠳ᠋ᠷ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ᠂ ᠵᠠᠯᠠᠭᠤᠴᠤᠳ ᠤᠨ ᠲᠥᠯᠥᠭᠡᠯᠡᠭᠴᠢ ᠦᠭᠡ ᠶᠠᠷᠢᠪᠠ᠃ | ᠰᠤᠷᠪᠤᠯᠵᠢᠯᠠᠭᠴᠢ ᠶᠤᠸᠠᠨ ᠶᠦᠩ ᠾᠦᠩ ᠰᠡᠭᠦᠳᠡᠷᠯᠡᠪᠡ᠃ | | | | | | ᠰᠠᠭᠤᠳᠠᠯ ᠤᠨ ᠬᠤᠷᠠᠯ ᠳᠤ ᠣᠷᠣᠯᠴᠠᠭᠰᠠᠨ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠲᠥᠯᠦᠭᠡᠯᠡᠭᠴᠢᠳ᠃ | ᠰᠤᠷᠪᠤᠯᠵᠢᠯᠠᠭᠴᠢ ᠶᠤᠸᠠᠨ ᠶᠦᠩ ᠾᠦᠩ ᠰᠡᠭᠦᠳᠡᠷᠯᠡᠪᠡ᠃ | | | ᠣᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ ᠠᠴᠠ ᠵᠠᠯᠠᠭᠤᠴᠤᠳ ᠤᠨ ᠪᠡᠶ᠎ᠡ | ᠳᠡᠭᠡᠷ᠎ᠡ ᠠᠴᠠ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠵᠠᠯᠠᠭᠤᠴᠤᠳ ᠤᠨ ᠴᠤᠭ ᠪᠠᠳᠠᠷᠠᠩᠭᠤᠢ᠂ ᠥᠭᠡᠳᠡᠷᠬᠡᠭ | ᠴᠠᠶᠢᠯᠭᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠣᠯᠵᠤ ᠬᠠᠷᠠᠪᠠ᠂ ᠪᠢ ᠠᠳᠡ ᠵᠠᠯᠠᠭᠤᠴᠤᠳ ᠤᠨ ᠮᠡᠷᠡᠶᠢᠨ | ᠴᠢᠷᠮᠠᠶᠢᠵᠤ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ ᠵᠠᠯᠠᠭᠤᠴᠤᠳ ᠪᠣᠯ ᠤᠯᠤᠰ ᠣᠷᠣᠨ ᠤ ᠭᠤᠣᠯ | ᠲᠤᠯᠭᠠᠭᠤᠷᠢ᠂ ᠦᠨᠳᠦᠰᠦᠲᠡᠨ ᠤ ᠢᠷᠡᠭᠡᠳᠦᠢ ᠮᠥᠨ᠂ ᠮᠠᠨ ᠤ ᠨᠠᠮ ᠶᠡᠷᠦ ᠠᠴᠠ ᠵᠠᠯᠠᠭᠤᠴᠤᠳ ᠢ ᠲᠦᠢᠯ ᠢᠶᠠᠷ | ᠬᠠᠯᠠᠮᠵᠢᠯᠠᠨ ᠬᠠᠶᠢᠷᠠᠯᠠᠵᠤ᠂ ᠵᠠᠯᠠᠭᠤ ᠨᠢᠭᠡ ᠦᠶ᠎ᠡ ᠶᠢᠨ ᠬᠢᠨ ᠳᠤ ᠮᠠᠰᠢ ᠶᠡᠭᠡ ᠬᠦᠰᠡᠯ ᠡᠷᠡᠮᠡᠯᠵᠡᠯ ᠲᠠᠯᠪᠢᠭᠰᠠᠭᠠᠷ | ᠢᠷᠡᠵᠡᠢ᠃ ᠪᠥᠬᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠡᠪᠯᠡᠯ ᠤᠨ ᠭᠡᠰᠢᠭᠦᠨ | ᠵᠠᠯᠠᠭᠤᠴᠤᠳ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠳᠥᠷᠪᠡᠨ | ᠢᠮᠠᠭᠲᠠ ᠪᠣᠯᠬᠤ︾ ᠪᠠ ︽ᠲᠠᠪᠤᠨ ᠵᠢᠱᠢᠶᠡᠴᠢ ᠪᠣᠯᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠶ ᠠᠵᠢᠯᠯᠠᠨ ᠴᠥᠬᠦᠷᠡᠰᠢ ᠥᠬᠡᠶ ᠲᠡᠮᠡᠴᠡᠵᠦ᠂ ᠦᠵᠡᠰᠬᠦᠯᠡᠩᠲᠦ | ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ | ᠬᠠᠮᠲᠤ ᠪᠠᠷ ᠪᠡᠶᠡᠯᠡᠭᠦᠯᠬᠦ ᠳᠤ ᠨᠡᠩ ᠢᠯᠡᠭᠦᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠰᠦᠨ ᠱᠤᠤ ᠴᠧᠩ᠂ ᠰᠢᠨ᠎ᠡ ᠴᠠᠭ ᠦᠶ᠎ᠡ ᠶᠢᠨ ᠵᠠᠯᠠᠭᠤᠴᠤᠳ ᠠᠵᠠ ᠵᠢᠷᠭᠠᠯᠲᠤ ᠴᠠᠭ ᠦᠶ᠎ᠡ ᠳᠤ ᠥᠰᠦᠨ | ᠪᠣᠶᠢᠵᠢᠵᠤ᠂ ᠬᠦᠨᠳᠦ ᠡᠭᠦᠷᠭᠡ ᠶᠢ ᠡᠭᠦᠷᠭᠡᠯᠡᠵᠦ ᠪᠤᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠡᠷᠡᠰ ᠭᠤᠶᠢᠪᠢᠰᠢ ᠦᠭᠡᠢ ᠪᠠᠷ ᠵᠠᠮ ᠨᠡᠭᠡᠭᠡᠨ ᠥᠭᠴᠦ᠂ ᠡᠬᠡ | ᠤᠯᠤᠰ ᠤᠨ ᠢᠶᠠᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠡᠷᠭᠦᠵᠦ᠂ ︽ᠬᠠᠷᠠᠮ ᠦᠭᠡᠢ︾ ᠰᠡᠳᠬᠢᠯᠭᠡᠲᠦ | ᠡᠬᠡ ᠣᠷᠣᠨᠴᠢ ᠵᠠᠯᠠᠭᠤᠴᠤᠳ ᠪᠣᠯᠬᠤ ᠬᠡᠷᠡᠭᠲᠡᠢ᠃ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ | ᠨᠢᠭᠡᠳᠦᠭᠡᠷ ᠹᠷᠣᠨᠲ ᠲᠤ ᠣᠯᠠᠨᠲᠠ ᠬᠦᠷᠴᠦ ᠬᠠᠳᠠᠭᠤᠵᠢᠨ ᠪᠣᠯᠪᠠᠰᠤᠷᠠᠵᠤ᠂ ᠪᠠᠴᠢᠮ ᠬᠦᠴᠢᠷ ᠪᠡᠷᠬᠡ ᠬᠦᠨᠳᠦ | ᠡᠭᠦᠷᠭᠡ ᠶᠢᠨ ᠳᠤᠮᠳᠠ ᠳᠠᠪᠲᠠᠨ ᠪᠣᠯᠪᠠᠰᠤᠷᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠠᠯᠠᠭᠤᠴᠤᠳ ᠪᠣᠯᠬᠤ | ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠴᠡᠭᠡᠵᠢ ᠲᠡᠨᠡᠶᠢᠨ ᠨᠢᠷᠤᠭᠤ ᠭᠡᠳᠡᠶᠢᠵᠦ᠂ | ᠡᠮᠦᠨ᠎ᠡ ᠨᠢ ᠭᠠᠪᠰᠢᠭᠠᠶᠢᠯᠠᠵᠤ᠂ ᠵᠣᠷᠢᠭᠲᠠᠢ ᠪᠠᠶᠢᠯᠳᠤᠵᠤ ᠢᠯᠠᠯᠲᠠ ᠤᠯᠬᠤ ᠰᠢᠯᠢᠳᠡᠭ ᠵᠠᠯᠠᠭᠤᠴᠤᠳ ᠪᠣᠯᠬᠤ ᠬᠡᠷᠡᠭᠲᠡᠢ᠃ | ᠮᠡᠷᠡᠶᠢᠨ ᠲᠡᠮᠡᠴᠡᠬᠦ᠂ ᠢᠯᠡᠭᠦᠦ ᠬᠤᠪᠢ ᠨᠡᠮᠡᠷᠢ ᠦᠵᠡᠭᠦᠯᠬᠦ ᠶᠢ ᠡᠷᠬᠢᠮᠯᠡᠵᠦ᠂ ᠬᠠᠷᠢᠭᠤᠴᠠᠯᠭ᠎ᠠ ᠶᠢᠨ ᠲᠥᠯᠥᠭᠡ | ᠬᠦᠴᠢᠷ ᠢ ᠠᠮᠰᠠᠵᠤ᠂ ᠬᠦᠰᠡᠯ ᠤᠨ ᠲᠥᠯᠥᠭᠡ ᠬᠦᠴᠢᠷ ᠢ ᠠᠮᠰᠠᠵᠤ᠂ ᠠᠷᠠᠳ ᠲᠦᠮᠡᠨ ᠤ ᠲᠥᠯᠥᠭᠡ ᠬᠦᠴᠢᠷ ᠢ | ᠠᠮᠰᠠᠵᠤ᠂ ᠡᠷᠡᠯᠬᠡᠭᠯᠡᠨ ᠤᠷᠤᠭᠰᠢᠯᠠᠵᠤ ᠪᠣᠳᠠᠲᠠᠶ ᠠᠵᠢᠯ ᠬᠢᠬᠦ ᠪᠠᠨ ᠠᠳᠠᠯᠢᠳᠬᠠᠭᠰᠠᠨ ᠵᠠᠯᠠᠭᠤᠴᠤᠳ ᠪᠣᠯᠬᠤ ᠬᠡᠷᠡᠭᠲᠡᠢ᠃ | ᠰᠡᠳᠬᠢᠯ ᠲᠥᠪ ᠶᠣᠰᠤᠨ ᠢ ᠤᠬᠠᠵᠤ᠂ ᠬᠠᠤᠯᠢ ᠰᠠᠬᠢᠯᠭ᠎ᠠ ᠶᠢ ᠰᠠᠬᠢᠵᠤ᠂ ᠠᠷᠢᠭᠤᠨ ᠴᠢᠭᠴᠢ ᠪᠤᠶᠠᠨᠰᠠᠭ ᠵᠠᠯᠠᠭᠤ | ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠦᠨ ᠱᠤᠤ ᠴᠧᠩ᠂ ᠪᠦᠬᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ ᠬᠥᠲᠥᠯᠥᠨ ᠳᠠᠭᠠᠭᠤᠯᠬᠤ ᠬᠦᠴᠦᠨ᠂ | ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠢ᠃ | ᠵᠠᠯᠠᠭᠤᠴᠤᠳ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ ᠬᠦᠴᠦᠯᠡᠨ | ᠴᠢᠩᠭᠠᠳᠬᠠᠵᠤ᠂ ᠵᠢᠱᠢᠮᠡᠭ ᠠᠵᠢᠯ ᠢ ᠪᠣᠳᠠᠲᠠᠶ ᠬᠢᠬᠦ ᠶᠢ ᠪᠠᠷᠢᠮᠲᠠᠯᠠᠵᠤ᠂ ᠬᠠᠮᠢᠶ᠎ᠠ ᠨᠠᠮᠢᠶ᠎ᠠ ᠥᠬᠡᠶ ᠬᠡᠯᠡᠵᠦ ᠰᠤᠷᠭᠠᠬᠤ᠂ | ︽ᠬᠤᠭᠤᠰᠣᠨ ᠭᠠᠵᠠᠷ︾ ᠶᠣᠰᠣ ᠶᠠᠷᠢᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠦᠢᠯᠡᠴᠢᠯᠡᠭᠡᠨ ᠤ ᠲᠥᠪ ᠪᠣᠯᠤᠨ | ᠡᠪᠯᠡᠯ ᠤᠨ ᠠᠵᠢᠯ ᠢ ᠶᠡᠭᠡ ᠲᠠᠯ᠎ᠠ ᠠᠴᠠ ᠪᠣᠳᠣᠯᠬᠢᠯᠠᠨ ᠠᠬᠢᠭᠤᠯᠬᠤ ᠲᠣᠭᠤᠷᠢᠨ ᠳᠤ ᠶᠡᠭᠡ ᠲᠠᠯ᠎ᠠ ᠶᠢᠨ ᠬᠡᠷᠡᠭᠴᠡᠭᠡ ᠪᠠ | ᠵᠠᠯᠠᠭᠤᠴᠤᠳ ᠤᠨ ᠬᠦᠰᠡᠯ ᠢ ᠰᠠᠶᠢᠲᠤᠷ ᠵᠣᠯᠭᠠᠭᠤᠯᠵᠤ᠂ ᠠᠵᠢᠯ ᠢᠶᠠᠨ ᠪᠠᠶᠢᠩᠭᠤᠵᠢᠭᠤᠯᠤᠨ ᠰᠠᠶᠢᠲᠤᠷ ᠬᠢᠬᠦ ᠬᠡᠷᠡᠭᠲᠡᠢ᠃ | ᠵᠠᠯᠠᠭᠤᠴᠤᠳ ᠲᠠᠢ ᠬᠠᠷᠢᠯᠴᠠᠵᠤ ᠵᠠᠯᠠᠭᠤᠴᠤᠳ ᠲᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠵᠦ᠂ | ᠵᠠᠯᠠᠭᠤᠴᠤᠳ ᠤᠨ ᠪᠤᠳᠤᠵᠦ ᠪᠠᠶᠢᠭ᠎ᠠ ᠵᠦᠢᠯ ᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠵᠠᠯᠠᠭᠤᠴᠤᠳ ᠤᠨ | ᠬᠦᠰᠡᠵᠦ ᠪᠠᠶᠢᠭ᠎ᠠ ᠵᠦᠢᠯ ᠢ ᠴᠠᠭ ᠲᠤᠬᠠᠢ ᠳᠤ ᠨᠢ ᠰᠢᠢᠳᠪᠦᠷᠢᠯᠡᠵᠦ ᠥᠭᠬᠦ ᠬᠡᠷᠡᠭᠲᠡᠢ᠃ ᠦᠨᠡᠨ ᠰᠡᠳᠬᠢᠯ ᠠᠴᠠ ᠪᠠᠨ | ᠵᠠᠯᠠᠭᠤᠴᠤᠳ ᠤᠨ ᠨᠠᠶᠢᠵᠠ ᠪᠣᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ᠂ ᠵᠠᠯᠠᠭᠤᠴᠤᠳ ᠲᠠᠢ ᠨᠢᠭᠲᠠᠷᠠᠨ | ᠪᠦᠯᠬᠦᠮᠳᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠴᠢᠬᠤᠯᠠᠴᠢᠯᠠᠵᠤ᠂ | ᠵᠠᠯᠠᠭᠤᠴᠤᠳ ᠤᠨ ᠴᠢᠳᠠᠪᠤᠷᠢᠲᠠᠨ ᠪᠣᠯᠬᠤ ᠶᠢ ᠵᠣᠷᠢᠭᠵᠢᠭᠤᠯᠵᠤ᠂ ᠵᠠᠯᠠᠭᠤᠴᠤᠳ ᠤᠨ ᠬᠥᠭᠵᠢᠯᠲᠡ ᠶᠢ ᠳᠡᠮᠵᠢᠬᠦ ᠭᠦᠨ | ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | |