| | ᠰᠤᠷᠭᠠᠭᠤᠯᠢ ᠶᠢᠨ ᠬᠤᠭᠤᠯᠠᠨ ᠬᠡᠷ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠬᠤ ᠶᠢ | ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯᠯᠠᠭ᠎ᠠ ᠶᠢ ᠳᠦᠷᠢᠮᠵᠢᠭᠦᠯᠵᠦ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠬᠢᠨ ᠰᠤᠷᠭᠠᠭᠤᠯᠢ ᠶᠢᠨ ᠬᠦᠷᠢᠶᠡᠨ ᠤ ᠬᠤᠭᠤᠯᠠᠨ | ᠬᠡᠷ ᠤᠨ ᠢᠳᠡᠭᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠣᠳᠣᠬᠠᠨ ᠳᠤ ︽ | ᠢᠨᠲ᠋ᠧᠷ ᠰᠦᠯᠵᠢᠶ᠎ᠡ + ᠢᠯᠡ ᠭᠠᠯ ᠲᠣᠭᠤᠭᠠᠨ ᠤ ᠥᠷᠦᠭᠡ︾ ᠶᠢᠨ ᠢᠨᠵᠧᠨᠧᠷᠢᠩ ᠢ ᠨᠡᠶᠢᠳᠡᠮ ᠬᠡᠷᠡᠭᠵᠢᠭᠦᠯᠬᠦ ᠶᠢ | ᠦᠨᠳᠦᠰᠦᠨ ᠳᠤ ᠪᠠᠨ ᠪᠡᠶᠡᠯᠡᠭᠦᠯᠵᠦ᠂ ᠰᠤᠷᠭᠠᠭᠤᠯᠢ ᠶᠢ ᠬᠠᠤᠯᠢ ᠶᠣᠰᠤ ᠪᠠᠷ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ | ᠡᠵᠡᠩᠨᠡᠬᠦ ᠶᠢ ᠦᠨᠡᠨ ᠬᠦ ᠪᠡᠶᠡᠯᠡᠭᠦᠯᠵᠦ᠂ ᠨᠡᠶᠢᠭᠡᠮ ᠨᠡᠶᠢᠲᠡ ᠪᠠᠷ ᠢᠶᠠᠨ ᠬᠢᠨᠠᠯᠲᠠ ᠲᠠᠯᠪᠢᠬᠤ᠂ ᠡᠯ᠎ᠡ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠶᠢᠨ ᠬᠢᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ | ᠪᠠᠶᠢᠷᠢᠰᠢᠯᠠᠭᠤᠯᠤᠯᠲᠠ ᠶᠢ ᠪᠣᠶ ᠪᠣᠯᠭᠠᠪᠠ᠃ | | | | ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ | | ᠣᠷᠴᠢᠮ ᠤᠨ ᠵᠢᠯ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ 13 ᠵᠦᠢᠯ ᠤᠨ | ᠬᠤᠭᠤᠯᠠᠨ ᠬᠡᠷ ᠤᠨ ᠢᠳᠡᠭᠡᠨ ᠤ ᠡᠬᠡ ᠲᠠᠩᠰᠠ ᠶᠢ ᠨᠠᠶᠢᠷᠠᠭᠤᠯᠤᠨ ᠵᠣᠬᠢᠶᠠᠪᠠ᠃ ᠡᠭᠦᠨ ᠳᠤ ︽ᠬᠤᠭᠤᠯᠠᠨ ᠭᠡᠷ ᠤᠨ | ᠳᠦᠷᠢᠮᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠮᠳᠡᠭᠯᠡᠭᠰᠡᠨ ᠡᠬᠡ ᠳᠠᠩᠰᠠ︾᠂ ︽ᠬᠤᠭᠤᠯᠠᠨ ᠭᠡᠷ ᠲᠤ | ᠠᠵᠢᠯᠯᠠᠭᠰᠠᠳ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠶᠢ | ᠲᠡᠮᠳᠡᠭᠯᠡᠭᠰᠡᠨ ᠡᠬᠡ ᠳᠠᠩᠰᠠ︾᠂ ︽ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠵᠠᠬᠢᠷᠤᠯ ᠤᠨ ᠬᠠᠮᠲᠤ | ᠬᠤᠭᠤᠯᠠᠯᠠᠭᠰᠠᠨ ᠲᠡᠮᠳᠡᠭᠯᠡᠯ ᠤᠨ ᠡᠬᠡ ᠳᠠᠩᠰᠠ︾᠂ ︽ᠢᠳᠡᠭᠡᠨ ᠵᠢᠴᠢ ᠬᠤᠯᠪᠤᠭᠳᠠᠬᠤ ᠪᠦᠲᠦᠭᠡᠭᠳᠡᠬᠦᠨ ᠤ | ᠲᠡᠮᠳᠡᠭᠯᠡᠯ ᠤᠨ ᠡᠬᠡ ᠳᠠᠩᠰᠠ︾᠂ ︽ᠬᠤᠭᠤᠯᠠᠨ ᠭᠡᠷ ᠤᠨ ᠢᠳᠡᠭᠡᠨ ᠤ ᠨᠡᠮᠡᠯᠲᠡ ᠡᠳ᠋ ᠤᠨ ᠡᠬᠡ ᠳᠠᠩᠰᠠ︾᠂ | ︽ᠬᠤᠭᠤᠯᠠᠨ ᠭᠡᠷ ᠤᠨ ᠬᠠᠶᠠᠭᠳᠠᠮᠠᠯ ᠲᠣᠰᠣ᠂ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠠᠪᠤᠭᠰᠠᠨ | ᠲᠡᠮᠳᠡᠭᠯᠡᠯ︾ ᠵᠡᠷᠭᠡ ᠶᠢ ᠨᠢᠭᠡᠨᠲᠡ ᠪᠦᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠲᠤ ᠲᠥᠭᠡᠭᠡᠵᠦ᠂ ᠨᠢᠭᠡᠳᠦᠯᠲᠡᠶ ᠪᠠᠷᠢᠮᠵᠢᠶ᠎ᠠ᠂ ᠳᠦᠷᠢᠮᠵᠢᠭᠦᠯᠦᠭᠰᠡᠨ ᠬᠠᠮᠢᠶᠠᠷᠤᠯᠲᠠ ᠶᠢ ᠪᠡᠶᠡᠯᠡᠭᠦᠯᠵᠦ᠂ | ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠶᠢ ᠨᠡᠬᠡᠮᠵᠢᠯᠡᠬᠦ ᠶᠢ ᠪᠠᠲᠤᠯᠠᠵᠤ᠂ ᠪᠠᠰᠠ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠲᠤᠰᠬᠠᠶ ᠥᠷᠥᠭᠡ ᠵᠡᠷᠭᠡ ᠭᠤᠣᠯᠳᠠᠯᠭᠠᠲᠠᠢ | ᠬᠡᠰᠡᠭ ᠲᠤ ᠲᠡᠯᠭᠡᠴᠡ ᠪᠠᠷ ᠬᠢᠨᠠᠨ ᠡᠵᠡᠮᠳᠡᠬᠦ ᠰᠢᠰᠲ᠋ᠧᠮ ᠢ ᠤᠭᠰᠠᠷᠠᠵᠤ᠂ ︽ᠬᠤᠭᠤᠯᠠᠨ ᠭᠡᠷ ᠤᠨ ᠢᠳᠡᠭᠡᠨ ᠢ | ᠳᠦᠷᠢᠮᠵᠢᠭᠦᠯᠦᠨ ᠬᠢᠨᠠᠨ ᠬᠠᠮᠢᠶᠠᠷᠬᠤ ᠵᠠᠷᠯᠠᠯ ᠤᠨ ᠰᠠᠮᠪᠠᠷ᠎ᠠ︾ ᠶᠢ ᠨᠢᠭᠡᠳᠦᠯᠲᠡᠶ ᠲᠣᠭᠲᠠᠭᠠᠵᠤ᠂ ᠢᠳᠡᠭᠡᠨ ᠤ | ᠮᠠᠲ᠋ᠧᠷᠢᠶᠠᠯ ᠢ ᠳᠡᠯᠭᠡᠨ ᠦᠵᠡᠭᠦᠯᠬᠦ ᠬᠤᠷᠭᠤ ᠶᠢ ᠵᠣᠬᠢᠶᠠᠵᠤ᠂ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠪᠡ᠃ | | | | | | ᠬᠥᠬᠡᠬᠤᠲᠠ ᠶᠢᠨ ᠲᠦᠮᠡᠳ ᠰᠤᠷᠭᠠᠭᠤᠯᠢ ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ | ᠨᠢᠭᠡᠳᠦᠯᠲᠡᠶ ᠱᠠᠭᠠᠷᠳᠠᠯᠭ᠎ᠠ ᠪᠠᠷ ᠪᠥᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠲᠤ ᠲᠥᠪᠯᠡᠷᠡᠭᠦᠯᠦᠨ ᠬᠤᠭᠤᠯᠠᠯᠠᠬᠤ ᠪᠠ ᠬᠠᠮᠲᠤ ᠬᠤᠭᠤᠯᠠᠯᠠᠬᠤ ᠲᠦᠷᠢᠮ ᠢ ᠪᠠᠶᠢᠭᠤᠯᠵᠤ᠂ ᠬᠤᠭᠤᠯᠠᠯᠠᠬᠤ | ᠪᠦᠷᠢ ᠳᠤ ᠴᠥᠮ ᠰᠤᠷᠭᠠᠭᠤᠯᠢ ᠶᠢᠨ ᠬᠤᠯᠪᠤᠭᠳᠠᠬᠤ ᠬᠠᠷᠢᠭᠤᠴᠠᠯᠭᠠᠲᠠᠨ ᠪᠠ ᠰᠣᠷᠣᠭᠴᠢ ᠬᠠᠮᠲᠤ ᠪᠠᠷ ᠬᠤᠭᠤᠯᠠᠯᠠᠵᠤ᠂ | ᠢᠳᠡᠭᠡᠨ ᠤ ᠠᠮᠤᠷ ᠲᠦᠪᠰᠢᠨ ᠤ ᠲᠤᠰᠬᠠᠶ ︵ᠬᠠᠪᠰᠤᠷᠭᠠᠭᠰᠠᠨ︶ ᠬᠠᠮᠢᠶᠠᠷᠤᠯᠲᠠ ᠶᠢᠨ ᠠᠵᠢᠯᠲᠠᠨ ᠪᠠ ᠰᠢᠮ᠎ᠡ ᠲᠡᠵᠢᠭᠡᠯ | ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯᠲᠠᠨ ᠢ ᠳᠣᠭᠢᠷᠠᠭᠤᠯᠵᠤ᠂ ᠲᠥᠪᠯᠡᠷᠡᠭᠦᠯᠦᠨ ᠬᠤᠭᠤᠯᠠᠯᠠᠬᠤ ᠠᠵᠢᠯ ᠤᠨ | ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ | ᠪᠣᠯᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠤᠭᠳᠠᠬᠤ ᠬᠠᠷᠢᠭᠤᠴᠠᠯᠭ᠎ᠠ ᠶᠢ | ᠲᠣᠳᠣᠷᠬᠠᠶᠢᠯᠠᠪᠠ᠃ | | | | ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ | | | ᠪᠦᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ᠬᠤᠭᠤᠯᠠᠨ | ᠭᠡᠷ ᠤᠨ ᠢᠳᠡᠭᠡᠨ ᠤ ᠲᠦᠭᠦᠬᠡᠢ ᠮᠠᠲ᠋ᠧᠷᠢᠶᠠᠯ ᠪᠣᠯᠤᠨ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ ᠭᠡᠷᠡᠴᠢ | ᠪᠠᠷᠢᠮᠲᠠ ᠶᠢ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠢᠳᠡᠭᠡᠨ ᠢ ᠬᠤᠳᠠᠯᠳᠤᠨ ᠠᠪᠬᠤ᠂ ᠬᠠᠳᠠᠭᠠᠯᠠᠬᠤ᠂ ᠪᠣᠯᠪᠠᠰᠤᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭᠠᠨ ᠤ | ᠠᠮᠤᠷ ᠲᠦᠪᠰᠢᠨ ᠢ ᠡᠵᠡᠮᠳᠡᠬᠦ ᠶᠢ ᠪᠠᠲᠤᠯᠠᠪᠠ᠃ ᠢᠳᠡᠭᠡᠨ ᠤ ᠲᠦᠭᠦᠬᠡᠶ ᠮᠠᠲ᠋ᠧᠷᠢᠶᠠᠯ ᠪᠣᠯᠤᠨ ᠲᠤᠰᠠᠯᠠᠬᠤ | ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠵᠦ᠂ ᠳᠤᠮᠳᠠᠬᠢ ᠭᠤᠭᠴᠤᠭ᠎ᠠ ᠶᠢ | ᠪᠠᠭᠠᠰᠬᠠᠵᠤ᠂ ᠬᠤᠳᠠᠯᠳᠤᠨ ᠠᠪᠬᠤ ᠶᠠᠰᠤ ᠴᠢᠨᠠᠷ ᠢ ᠦᠨᠡᠨ ᠬᠦ ᠪᠠᠲᠤᠯᠠᠪᠠ᠃ ᠬᠦᠢᠲᠡᠨ ᠬᠡᠯᠬᠢᠶᠡᠲᠦ ᠢᠳᠡᠭᠡᠨ ᠢ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠲᠡᠮᠳᠡᠭᠯᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠷᠡᠯᠲᠡ ᠨᠢ ᠲᠣᠳᠣᠷᠬᠠᠶ ᠥᠬᠡᠶ ᠬᠦᠢᠲᠡᠨ ᠬᠡᠯᠬᠢᠶᠡᠲᠦ ᠢᠳᠡᠭᠡᠨ ᠢ | ᠬᠤᠳᠠᠯᠳᠤᠨ ᠠᠪᠬᠤ ᠥᠬᠡᠶ᠃ ᠰᠢᠨ᠎ᠡ ᠰᠣᠷᠭᠤᠭ ᠬᠥᠯᠳᠡᠭᠡᠮᠡᠯ ᠲᠥᠷᠥᠯ ᠤᠨ ᠢᠳᠡᠭᠡᠨ ᠢ ᠭᠤᠣᠯᠳᠠᠯᠭᠠᠲᠠᠢ ᠬᠢᠨᠠᠨ | ᠰᠢᠯᠭᠠᠬᠤ ᠶᠢ ᠥᠷᠨᠢᠭᠦᠯᠵᠦ᠂ ᠲᠦᠭᠰᠢᠭᠦᠷᠢᠲᠦ ᠦᠢᠯᠡᠳᠭᠦᠨ ᠢ ᠲᠦᠷᠭᠡᠨ ᠪᠠᠶᠢᠷᠢ ᠲᠣᠭᠲᠠᠭᠠᠬᠤ ᠪᠠ ᠬᠠᠮᠢᠶᠠᠷᠤᠨ | ᠡᠵᠡᠮᠳᠡᠬᠦ ᠶᠢ ᠪᠡᠶᠡᠯᠡᠭᠦᠯᠪᠡ᠃ | | | | | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ | | ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠠᠴᠠ ᠡᠯ᠎ᠡ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠢᠳᠡᠭᠡᠨ ᠢ ᠪᠣᠯᠪᠠᠰᠤᠷᠠᠭᠤᠯᠬᠤ ᠠᠵᠢᠯ ᠢ ︽ᠢᠳᠡᠭᠡᠨ ᠤᠮᠳᠠᠭᠠᠨ ᠤ | ᠦᠢᠯᠡᠴᠢᠯᠡᠭᠡᠨ ᠪᠠ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠳᠦᠷᠢᠮᠵᠢᠯ︾ ᠳᠤ ᠨᠡᠶᠢᠴᠡᠭᠦᠯᠵᠦ᠂ ᠪᠤᠯᠭᠤᠭᠰᠠᠨ | ᠢᠳᠡᠭᠡᠨ ᠢ ᠬᠢᠬᠦ ᠳᠤ ᠪᠠᠨ ᠪᠦᠷᠢᠮᠦᠰᠦᠨ ᠪᠤᠯᠭᠤᠵᠤ ᠭᠦᠢᠴᠡᠳ ᠴᠢᠨᠠᠵᠤ᠂ ᠢᠳᠡᠭᠡᠨ ᠤ ᠭᠤᠣᠯ ᠤᠨ ᠳᠤᠯᠠᠭᠠᠨ ᠤ | ᠬᠡᠮᠵᠢᠶ᠎ᠡ ᠶᠢ 70 °C ᠠᠴᠠ ᠳᠡᠭᠡᠭᠰᠢ ᠪᠠᠶᠢᠯᠭᠠᠬᠤ ᠬᠡᠷᠡᠭᠲᠡᠶ︔ ᠲᠦᠭᠦᠬᠡᠶ ᠪᠠ ᠪᠣᠯᠤᠭᠰᠠᠨ ᠢᠳᠡᠭᠡᠨ ᠲᠠᠢ | ᠬᠦᠷᠦᠯᠴᠡᠬᠦ ᠪᠠᠭᠠᠵᠢ ᠬᠡᠷᠡᠭᠰᠡᠯ ᠢ ᠰᠠᠯᠭᠠᠨ ᠬᠠᠳᠠᠭᠠᠯᠠᠬᠤ ᠪᠣᠶᠤ ᠰᠠᠯᠭᠠᠨ ᠬᠡᠷᠡᠭᠯᠡᠬᠦ ᠬᠡᠷᠡᠭᠲᠡᠶ᠃ ᠡᠯ᠎ᠡ | ᠰᠤᠷᠭᠠᠭᠤᠯᠢ ᠶᠢᠨ ᠬᠤᠭᠤᠯᠠᠨ ᠭᠡᠷ ᠲᠤ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠪᠠᠭᠰᠢ ᠶᠢ ᠲᠣᠬᠢᠷᠠᠭᠤᠯᠵᠤ᠂ | ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠣᠯᠤᠨ ᠰᠤᠷᠤᠭᠴᠢᠳ ᠤᠨ ᠹᠢᠽᠢᠣᠯᠣᠭᠢ ᠶᠢᠨ ᠣᠨᠴᠠᠯᠢᠭ ᠵᠢᠴᠢ ᠰᠢᠮ᠎ᠡ | ᠲᠡᠵᠢᠭᠡᠯ ᠤᠨ ᠬᠡᠷᠡᠭᠴᠡᠭᠡ ᠶᠢ ᠦᠨᠳᠦᠰᠦᠯᠡᠨ ᠵᠣᠬᠢᠰᠲᠠᠶ ᠰᠢᠮ᠎ᠡ ᠲᠡᠵᠢᠭᠡᠯ ᠢ ᠰᠣᠩᠭᠤᠨ ᠢᠳᠡᠭᠡᠨ ᠢ ᠴᠢᠨᠠᠷᠵᠢᠭᠤᠯᠵᠤ᠂ | ᠰᠤᠷᠤᠭᠴᠢᠳ ᠤᠨ ᠪᠢᠴᠢᠯ ᠡᠯᠧᠮᠧᠨ᠋ᠲ ᠤᠨ ᠰᠢᠮ᠎ᠡ ᠲᠡᠵᠢᠭᠡᠯ ᠬᠦᠷᠦᠯᠴᠡᠬᠦ ᠦᠭᠡᠶ ᠪᠠᠶᠢᠳᠠᠯ ᠢ ᠰᠠᠶᠢᠵᠢᠷᠠᠭᠤᠯᠬᠤ | ᠬᠡᠷᠡᠭᠲᠡᠶ ᠭᠡᠵᠦ ᠱᠠᠭᠠᠷᠳᠠᠪᠠ᠃ | | | | | ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ | | ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ᠢᠳᠡᠭᠡᠨ ᠤᠮᠳᠠᠭᠠᠨ ᠤ | ᠬᠡᠷᠡᠭᠰᠡᠯ ᠢ ᠠᠷᠢᠭᠤᠳᠬᠠᠨ ᠴᠡᠪᠡᠷᠯᠡᠬᠦ ᠲᠡᠮᠳᠡᠭᠯᠡᠯ ᠤᠨ ᠳᠦᠷᠢᠮ ᠢ ᠪᠠᠶᠢᠭᠤᠯᠵᠤ᠂ ᠠᠷᠢᠭᠤᠳᠬᠠᠬᠤ ᠠᠭᠤᠯᠭ᠎ᠠ ᠳᠤ | ᠢᠳᠡᠭᠡᠨ ᠤᠮᠳᠠᠭᠠᠨ ᠤ ᠬᠡᠷᠡᠭᠰᠡᠯ ᠤᠨ ᠨᠡᠷᠡᠶᠢᠳᠦᠯ᠂ ᠠᠷᠢᠭᠤᠳᠬᠠᠬᠤ ᠠᠷᠭ᠎ᠠ ᠮᠠᠶ᠋ᠢᠭ᠂ ᠠᠷᠢᠭᠤᠳᠬᠠᠬᠤ ᠡᠳᠦᠷ | ᠬᠤᠭᠤᠴᠠᠭ᠎ᠠ᠂ ᠠᠵᠢᠯᠯᠠᠬᠤ ᠬᠥᠮᠦᠨ ᠵᠡᠷᠭᠡ ᠶᠢ ᠪᠠᠭᠲᠠᠭᠠᠪᠠ᠃ | | | | | ᠴᠢᠩ ᠱᠦᠶ ᠾᠧ ᠰᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ | | ᠳᠠᠷᠠᠭ᠎ᠠ ᠠᠯᠬᠤᠮ ᠳᠤ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ | ᠬᠤᠭᠤᠯᠠᠨ ᠬᠡᠷ ᠤᠨ ᠢᠳᠡᠭᠡᠨ ᠪᠠ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠤᠭᠤᠯᠠᠨ ᠬᠡᠷ ᠡᠵᠡᠩᠨᠡᠭᠴᠢᠳ ᠤᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠤᠭᠤᠯᠠᠨ ᠬᠡᠷ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠤᠤᠯ | ᠴᠣᠭᠴᠠ ᠶᠢᠨ ᠬᠠᠷᠢᠭᠤᠴᠠᠯᠭ᠎ᠠ᠂ ᠭᠤᠤᠯᠯᠠᠨ ᠬᠠᠮᠢᠶᠠᠷᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠵᠤ᠂ ᠬᠥᠬᠡᠬᠤᠲᠠ ᠶᠢᠨ ᠡᠯ᠎ᠡ ᠰᠤᠷᠭᠠᠭᠤᠯᠢ ᠳᠤ ᠪᠠᠶᠢᠭ᠎ᠠ ᠪᠠᠭᠰᠢ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ | | |