| | 5 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ︽ᠪᠢᠳᠡ ᠪᠣᠯ ᠴᠥᠮ ᠳᠤᠮᠳᠠᠳᠤ ᠤᠯᠤᠰ ᠤᠨ ᠬᠡᠦᠬᠡᠳ︾ ᠭᠡᠬᠦ ︽6·1︾ ᠢ ᠤᠭᠲᠤᠬᠤ ᠤᠯᠤᠰ ᠤᠨ | ᠲᠤᠭ ᠮᠠᠨᠳᠤᠭᠤᠯᠬᠤ ᠭᠤᠤᠯ ᠰᠡᠳᠦᠪᠲᠦ ᠠᠵᠢᠯᠯᠠᠭ᠎ᠠ ᠶᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ | ᠯᠢᠤᠢ ᠳ᠋ᠢ ᠪᠠᠭ᠎ᠠ ᠰᠤᠷᠭᠠᠭᠤᠯᠢ ᠶᠢᠨ ᠲᠧᠩ ᠹᠸᠢ ᠵᠠᠮ ᠤᠨ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ | ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ | ᠲᠢᠩᠬᠢᠮ ᠤᠨ ᠳᠡᠳ᠋ ᠳᠠᠷᠤᠭ᠎ᠠ ᠯᠢ ᠵᠠᠨ ᠹᠧᠩ ᠠᠵᠢᠯᠯᠠᠭ᠎ᠠ ᠳᠤ ᠣᠷᠣᠯᠴᠠᠵᠠᠢ᠃ | | | | | | | | | 9 ᠴᠠᠭ 30 ᠮᠢᠨᠦ᠋ᠲ ᠲᠤ ᠥᠷᠯᠦᠭᠡᠨ ᠤ ᠰᠡᠪᠢᠯᠵᠡᠬᠦ ᠤᠷᠢᠬᠠᠨ ᠰᠠᠯᠬᠢᠨ ᠳᠤ ᠪᠥᠬᠦ ᠰᠤᠷᠭᠠᠭᠤᠯᠢ ᠶᠢᠨ | 1926 ᠪᠠᠭᠰᠢ ᠰᠤᠷᠤᠭᠴᠢ ᠪᠡᠶ᠎ᠡ ᠶᠢᠨ ᠲᠠᠮᠢᠷ ᠤᠨ ᠲᠠᠯᠠᠪᠠᠶ ᠳᠤ ᠮᠥᠷᠯᠡᠵᠦ᠂ ᠤᠯᠤᠰ ᠤᠨ ᠲᠤᠭ ᠲᠠᠯᠠᠪᠠᠶ ᠳᠤ | ᠣᠷᠣᠬᠤ ᠶᠢ ᠤᠭᠲᠤᠪᠠ᠃ ᠳᠠᠷᠠᠭ᠎ᠠ ᠨᠢ ᠪᠠᠭᠠᠴᠤᠳ ᠤᠨ ᠬᠤᠰᠢᠭᠤᠴᠢ ᠠᠩᠭᠢ ᠶᠢᠨ ᠤᠯᠤᠰ ᠤᠨ ᠲᠤᠭ ᠢ | ᠬᠠᠮᠠᠭᠠᠯᠠᠬᠤ ᠠᠩᠭᠢ ᠶᠢᠨ ᠲᠡᠷᠢ ᠲᠡᠭᠰᠢ ᠠᠯᠬᠤᠭ᠎ᠠ ᠣᠯᠠᠨ ᠤ ᠬᠠᠷᠠᠭᠠᠨ ᠳᠤ ᠲᠣᠳᠤᠷᠠᠯᠠ᠃ ︽ᠤᠯᠤᠰ ᠤᠨ ᠲᠤᠭ ᠢ | ᠮᠠᠨᠳᠤᠭᠤᠯᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠨ᠎ᠠ᠃ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠨ᠂ ᠶᠣᠰᠣᠯᠠ︕︾ ᠭᠡᠬᠦ ᠲᠥᠪ ᠬᠢᠴᠢᠶᠡᠩᠭᠦᠢ ᠠᠭᠤᠷ ᠠᠮᠢᠰᠬᠤᠯ ᠤᠨ ᠳᠤᠮᠳᠠ ᠲᠠᠪᠤᠨ ᠣᠳᠣᠲᠤ ᠤᠯᠠᠭᠠᠨ | ᠲᠤᠭ ᠰᠦᠷ ᠵᠢᠪᠬᠤᠭᠠᠲᠤ ᠤᠯᠤᠰ ᠤᠨ ᠰᠦᠯᠳᠡ ᠳᠠᠭᠤᠤ ᠶᠢᠨ ᠳᠠᠭᠠᠤ ᠡᠬᠡ ᠤᠯᠤᠰ ᠤᠨ ᠤᠮᠠᠷᠠᠲᠤ ᠬᠢᠯᠢ ᠳᠤ | ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠪᠠ᠃ | | | | | | ᠤᠯᠤᠰ ᠤᠨ ᠲᠤᠭ ᠪᠣᠯ ᠨᠢᠭᠡ ᠤᠯᠤᠰ ᠤᠨ ᠪᠡᠯᠭᠡ ᠲᠡᠮᠳᠡᠭ᠂ ᠤᠯᠤᠰ ᠵᠢᠴᠢ ᠲᠡᠭᠦᠨ ᠤ ᠦᠨᠳᠦᠰᠦᠲᠡᠨ ᠤ | ᠵᠣᠷᠢᠭ ᠰᠠᠨᠠᠭᠠᠨ ᠤ ᠪᠡᠯᠭᠡ ᠲᠡᠮᠳᠡᠭ ᠮᠥᠨ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠪᠣᠯ ᠪᠠᠭᠠᠴᠤᠳ | ᠬᠡᠦᠬᠡᠳ ᠢ ᠬᠥᠮᠦᠵᠢᠭᠦᠯᠵᠦ ᠠᠯᠤᠰ ᠬᠡᠲᠦ ᠶᠢᠨ ᠬᠦᠰᠡᠯᠡᠩ ᠲᠠᠢ ᠪᠣᠯᠭᠠᠬᠤ᠂ ᠠᠭᠤᠤ ᠶᠡᠭᠡ ᠡᠬᠡ ᠤᠯᠤᠰ ᠢᠶᠠᠨ | ᠬᠠᠶᠢᠷᠠᠯᠠᠬᠤ᠂ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠵᠣᠷᠢᠭᠲᠠᠶ ᠪᠠᠷ ᠡᠷᠡᠮᠡᠬᠡᠶᠢᠯᠡᠨ ᠲᠡᠮᠡᠴᠡᠬᠦ᠂ | ᠳᠠᠪᠲᠠᠨ ᠪᠣᠯᠪᠠᠰᠤᠷᠠᠵᠤ ᠡᠷᠳᠡᠮ ᠴᠢᠳᠠᠪᠤᠷᠢ ᠳᠤ ᠴᠠᠭᠠᠷᠠᠬᠤ᠂ ᠵᠠᠩ ᠮᠣᠷᠠᠯ ᠬᠡᠪ ᠪᠣᠯᠪᠠᠰᠤᠷᠠᠯ ᠢ ᠳᠠᠪᠲᠠᠨ | ᠪᠣᠯᠪᠠᠰᠤᠷᠠᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠠᠵᠢᠯᠯᠠᠭᠠᠨ ᠤ ᠠᠬᠤᠢ ᠲᠠᠯᠠᠪᠠᠶ ᠳᠤ᠂ ᠪᠠᠭᠠᠴᠤᠳ ᠤᠨ | ᠬᠤᠰᠢᠭᠤᠴᠢ ᠠᠩᠭᠢ ᠶᠢᠨ ᠬᠡᠰᠢᠭᠦᠨ ᠤ ᠲᠥᠯᠥᠭᠡᠯᠡᠭᠴᠢ ᠪᠥᠬᠦ ᠰᠤᠷᠤᠭᠴᠢ ᠶᠢ ᠳᠠᠭᠠᠭᠤᠯᠤᠨ᠂ ︽ᠨᠠᠮ ᠮᠢᠨᠢ ᠰᠠᠨᠠᠭ᠎ᠠ | ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠢ︾ ᠭᠡᠬᠦ ᠵᠠᠯᠠᠭᠤ ᠨᠠᠰᠤᠨ ᠤ ᠲᠠᠩᠭᠠᠷᠢᠭ ᠢ | ᠬᠠᠩᠭᠢᠨᠠᠭᠤᠯᠵᠤ᠂ ᠬᠦᠰᠡᠯᠡᠩ ᠢᠶᠠᠨ ᠪᠠᠲᠤᠳᠬᠠᠵᠤ᠂ ᠴᠥᠬᠦᠷᠡᠰᠢ ᠥᠬᠡᠶ ᠲᠡᠮᠡᠴᠡᠵᠦ᠂ ᠥᠷᠭᠡᠨ ᠣᠯᠠᠨ ᠪᠠᠭᠰᠢ | ᠰᠤᠷᠤᠭᠴᠢ ᠶᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ ᠲᠠᠯ᠎ᠠ ᠪᠠᠷ ᠠᠷᠢᠭᠤᠳᠬᠠᠵᠤ᠂ ᠬᠠᠷᠢᠭᠤᠴᠠᠯᠭ᠎ᠠ | ᠡᠭᠦᠷᠭᠡᠯᠡᠵᠦ ᠳᠠᠪᠲᠠᠭᠳᠠᠨ ᠪᠣᠯᠪᠠᠰᠤᠷᠠᠬᠤ ᠶᠠᠪᠤᠴᠠ ᠳᠤ ᠳᠤᠮᠳᠠᠳᠤ ᠶᠢᠨ ᠬᠥᠮᠦᠨ ᠤ ᠰᠥᠰᠥ ᠵᠣᠷᠢᠭ᠂ ᠡᠷᠴᠢ ᠵᠣᠷᠢᠭ᠂ | ᠢᠲᠡᠭᠡᠯ ᠵᠣᠷᠢᠭ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠵᠠᠯᠠᠭᠤ ᠨᠠᠰᠤ᠂ ᠲᠡᠮᠡᠴᠡᠯ ᠤᠨ ᠵᠣᠷᠢᠭ ᠢᠶᠠᠷ ᠠᠭᠤᠤ | ᠶᠡᠭᠡ ᠴᠠᠭ ᠦᠶ᠎ᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃ | | | | | | | | | 2022 ᠣᠨ ᠤ ︽6·1︾ ᠤ ᠳᠡᠯᠡᠬᠡᠶ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠨᠡ ᠤᠳᠠᠭᠠᠨ ᠤ ᠠᠵᠢᠯᠯᠠᠭ᠎ᠠ ᠶᠢ | ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠪᠠᠭᠠᠴᠤᠳ | ᠬᠡᠦᠬᠡᠳ ᠤᠨ ᠰᠢᠨ᠎ᠡ ᠴᠠᠭ ᠦᠶ᠎ᠡ ᠶᠢᠨ ᠣᠶᠤᠨ ᠰᠠᠨᠠᠭᠠᠨ ᠤ ᠳᠦᠷᠢ ᠳᠥᠷᠬᠦ ᠶᠢ ᠠᠮᠢᠳᠤᠯᠢᠭ ᠢᠶᠠᠷ ᠢᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠶᠣᠰᠣ | ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠥᠬᠦ ᠶᠠᠪᠤᠴᠠ ᠳᠤ ᠠᠭᠤᠰᠬᠠᠵᠤ᠂ ᠬᠡᠦᠬᠡᠳ ᠤᠳ ᠪᠠᠶᠠᠷ | ᠬᠥᠷᠲᠡᠢ ︽6·1︾᠂ ᠠᠴᠢ ᠡᠨᠡᠷᠢᠯ ᠳᠤ ᠲᠠᠯᠠᠷᠬᠠᠬᠤ ︽6·1︾᠂ ᠮᠠᠷᠲᠠᠭᠳᠠᠰᠢ ᠥᠬᠡᠶ ︽6·1︾ ᠢ | ᠥᠩᠭᠡᠷᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ | ᠬᠤᠷᠠᠯᠳᠤᠬᠤ ᠶᠢ ᠤᠭᠲᠤᠨ᠎ᠠ᠃ | ᠡᠨᠡ ᠤᠳᠠᠭᠠᠨ ᠤ ᠠᠵᠢᠯᠯᠠᠭ᠎ᠠ ᠳᠤ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ︽ᠤᠯᠤᠰ ᠤᠨ | ᠲᠤᠭ ᠤᠨ ᠬᠠᠮᠠᠭᠠᠯᠠᠭᠴᠢ︾ ᠭᠡᠰᠡᠨ ᠢᠷᠠᠭᠤ ᠠᠯᠳᠠᠷ ᠤᠨ ᠴᠣᠯᠠ ᠢ ᠭᠦᠷᠲᠡᠭᠰᠡᠨ ᠪᠡᠭᠡᠵᠢᠩ ᠤᠨ ᠲᠢᠶᠠᠨ ᠠᠨ | ᠮᠧᠨ ᠤ ᠤᠯᠤᠰ ᠤᠨ ᠲᠤᠭ ᠤᠨ ᠠᠩᠭᠢ ᠶᠢᠨ ᠠᠩᠬᠠᠳᠠᠭᠴᠢ ᠲᠠᠰᠤᠭ ᠤᠨ ᠳᠠᠷᠤᠭ᠎ᠠ ᠳ᠋ᠦᠩ ᠯᠢ ᠭᠠᠨ ᠢ | ᠣᠨᠴᠠᠭᠠᠶᠢᠯᠠᠨ ᠤᠷᠢᠪᠠ᠃ ᠲᠠᠰᠤᠭ ᠤᠨ ᠳᠠᠷᠤᠭ᠎ᠠ ᠳ᠋ᠦᠩ ᠯᠢ ᠭᠠᠨ ᠵᠢᠴᠢ ᠴᠢᠯᠥᠭᠡᠯᠡᠬᠦ ᠴᠡᠷᠢᠭ ᠤᠨ ᠪᠠᠶᠢᠯᠳᠤᠭᠴᠢᠳ | ᠪᠦᠬᠦ ᠪᠠᠭᠰᠢ ᠰᠤᠷᠤᠭᠴᠢ ᠳᠤ ᠲᠢᠶᠠᠨ ᠠᠨ ᠮᠧᠨ ᠲᠠᠯᠠᠪᠠᠢ ᠳᠤ ᠮᠠᠨᠳᠤᠭᠤᠯᠤᠭᠰᠠᠨ ᠤᠯᠤᠰ ᠤᠨ ᠲᠤᠭ ᠢ ᠳᠡᠯᠭᠡᠨ | ᠦᠵᠡᠭᠦᠯᠦᠭᠰᠡᠨ ᠪᠥᠭᠡᠳ ᠲᠢᠶᠠᠨ ᠠᠨ ᠮᠧᠨ ᠤ ᠣᠨᠴᠠᠭᠠᠢ ᠨᠣᠮᠧᠷᠲᠦ ᠤᠯᠤᠰ ᠤᠨ ᠲᠤᠭ ᠤᠨ ᠪᠡᠯᠭᠡ ᠲᠡᠮᠳᠡᠭ ᠪᠠ | ᠠᠴᠢ ᠬᠤᠯᠪᠣᠭᠳᠠᠯ ᠢ ᠠᠬᠤᠢ ᠲᠠᠯᠠᠪᠠᠢ ᠳᠤ ᠶᠠᠷᠢᠪᠠ᠃ ᠴᠢᠯᠥᠭᠡᠯᠡᠬᠦ ᠴᠡᠷᠢᠭ ᠤᠨ ᠳᠥᠷᠪᠡᠨ ᠪᠠᠶᠢᠯᠳᠤᠭᠴᠢ ᠲᠠᠪᠤᠨ | ᠣᠳᠣᠲᠤ ᠤᠯᠠᠭᠠᠨ ᠲᠤᠭ ᠢ ᠥᠨᠳᠥᠷ ᠡᠷᠭᠦᠵᠦ᠂ ᠬᠡᠦᠬᠡᠳ ᠤᠨ ᠲᠣᠯᠣᠭᠠᠶ ᠳᠡᠭᠡᠭᠦᠷ ᠭᠠᠷ ᠳᠠᠮᠵᠢᠭᠤᠯᠤᠨ᠂ | ᠤᠯᠤᠰ ᠤᠨ ᠲᠤᠭ ᠠᠴᠠ ᠲᠡᠭ ᠵᠠᠶᠢᠲᠠᠢ ᠣᠶᠢᠷᠠᠲᠤᠭᠤᠯᠵᠤ᠂ ᠠᠬᠤᠢ ᠲᠠᠯᠠᠪᠠᠶ ᠶᠢᠨ ᠠᠭᠤᠷ ᠠᠮᠢᠰᠬᠤᠯ ᠢ ᠰᠢᠨ᠎ᠡ | ᠥᠷᠨᠢᠯᠲᠡ ᠳᠤ ᠣᠷᠣᠭᠤᠯᠵᠤ᠂ ᠰᠤᠷᠤᠭᠴᠢᠳ ᠪᠠᠶᠠᠷᠯᠠᠨ ᠤᠷᠠᠶᠢᠯᠠᠵᠤ᠂ ᠡᠨᠡ ᠬᠦ ᠣᠨᠴᠠᠭᠠᠶ ᠪᠥᠭᠡᠳ ᠬᠤᠪᠣᠷ | ᠨᠠᠨᠳᠢᠨ ᠤᠯᠤᠰ ᠤᠨ ᠲᠤᠭ ᠢ ᠪᠤᠯᠢᠶᠠᠯᠳᠤᠨ ᠲᠡᠮᠲᠡᠷᠢᠵᠡᠭᠡᠪᠡ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ | ᠪᠠᠭᠠᠴᠤᠳ ᠬᠡᠦᠬᠡᠳ ᠤᠨ ᠡᠬᠡ ᠣᠷᠣᠨᠴᠢ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠮᠦᠵᠢᠭᠦᠯᠵᠦ᠂ | ᠲᠡᠳᠡᠨ ᠢ ᠡᠬᠡ ᠤᠯᠤᠰ ᠲᠠᠢ ᠪᠠᠨ ᠬᠠᠮᠲᠤ ᠪᠠᠷ ᠡᠷᠡᠯᠬᠡᠭᠯᠡᠨ ᠲᠡᠮᠡᠴᠡᠵᠦ᠂ ᠬᠠᠮᠲᠤ ᠪᠠᠷ ᠦᠰᠦᠨ ᠪᠤᠶᠢᠵᠢᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ | ᠪᠣᠯᠬᠤ ᠶᠢ ᠵᠣᠷᠢᠭᠵᠢᠭᠤᠯᠪᠠ᠃ | | | | | | ᠤᠯᠤᠰ ᠤᠨ ᠲᠤᠭ ᠢ ᠮᠠᠨᠳᠤᠭᠤᠯᠬᠤ ᠭᠤᠤᠯ ᠰᠡᠳᠦᠪᠲᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ | ᠲᠠᠰᠤᠭ ᠤᠨ ᠳᠠᠷᠤᠭ᠎ᠠ ᠳ᠋ᠦᠩ ᠯᠢ ᠭᠠᠨ ᠠᠴᠠ ᠪᠠᠭᠰᠢ ᠰᠤᠷᠤᠭᠴᠢᠳ ᠲᠤ ︽ᠤᠯᠤᠰ ᠤᠨ ᠲᠤᠭ ᠮᠢᠨᠦ ᠰᠡᠳᠬᠢᠯ ᠳᠤ | ᠪᠣᠶ︾ ᠭᠡᠬᠦ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠬᠢᠵᠦ᠂ ᠤᠯᠤᠰ ᠤᠨ ᠲᠤᠭ ᠤᠨ ᠮᠡᠳᠡᠯᠭᠡ ᠶᠢ ᠵᠢᠭᠠᠵᠤ᠂ | ᠤᠯᠤᠰ ᠤᠨ ᠲᠤᠭ ᠤᠨ ᠲᠠᠰᠤᠭ ᠤᠨ ᠥᠯᠢᠭᠡᠷ ᠢ ᠬᠤᠪᠢᠶᠠᠯᠴᠠᠨ ᠡᠳ᠋ᠯᠡᠵᠦ᠂ ᠰᠤᠷᠤᠭᠴᠢᠳ ᠲᠠᠢ ᠰᠠᠨᠠᠯ ᠢᠶᠠᠨ | ᠰᠣᠯᠢᠯᠴᠠᠭᠰᠠᠨ ᠤ ᠬᠠᠮᠲᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠤᠭᠰᠠᠨ ᠤ ᠬᠤᠪᠢ ᠳᠤ ᠵᠠᠮ | ᠨᠡᠭᠡᠭᠡᠨ ᠰᠢᠨ᠎ᠡ ᠶᠢ ᠡᠭᠦᠳᠬᠦ ᠴᠤᠭ ᠰᠦᠯᠳᠡ ᠪᠠᠨ ᠪᠠᠳᠠᠷᠠᠭᠤᠯᠵᠤ᠂ ᠶᠠᠭᠤᠨ ᠠᠴᠠ ᠴᠦ ᠠᠶᠤᠬᠤ ᠥᠬᠡᠶ | ᠵᠣᠷᠢᠭ ᠢᠶᠠᠨ ᠬᠥᠪᠴᠢᠯᠡᠵᠦ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠮᠠᠷᠲᠠᠵᠤ ᠪᠣᠯᠬᠤ ᠥᠬᠡᠶ᠂ ᠰᠠᠶᠢᠲᠤᠷ ᠰᠤᠷᠤᠯᠴᠠᠵᠤ᠂ ᠡᠳᠦᠷ ᠠᠴᠠ ᠡᠳᠦᠷ | ᠥᠭᠡᠳᠡᠯᠡᠨ ᠳᠠᠪᠰᠢᠬᠤ ᠬᠡᠷᠡᠭᠲᠡᠶ ᠭᠡᠵᠦ ᠵᠣᠷᠢᠭᠵᠢᠭᠤᠯᠪᠠ᠃ ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ | ᠬᠥᠮᠦᠨ ᠤ ᠡᠭᠦᠷᠭᠡ ᠪᠤᠢ᠂ ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠤᠷᠳᠤ ᠵᠠᠮ ᠤᠨ ᠠᠶᠠᠨ | ᠲᠠᠶᠢᠨ ᠪᠤᠢ᠃ ᠨᠡᠩ ᠥᠨᠳᠥᠷ ᠲᠡᠦᠬᠡ ᠶᠢᠨ ᠭᠠᠷᠤᠭ᠎ᠠ ᠠᠴᠠ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠳ | ᠯᠠᠪᠲᠠᠢ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠤᠯᠵᠤ | ᠬᠥᠮᠥᠵᠢᠭᠳᠡᠬᠦ ᠨᠢ ᠯᠠᠪᠲᠠᠢ᠃ | | | | | | ᠠᠵᠢᠯᠯᠠᠭ᠎ᠠ ᠳᠤ ᠪᠠᠰᠠ ᠬᠡᠰᠡᠭ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ᠂ | ᠲᠠᠪᠤᠨ ᠰᠠᠷ᠎ᠠ ᠶᠢᠨ ᠳᠥᠷᠪᠡᠨ ᠤ ᠱᠠᠩᠨᠠᠯ ᠭᠦᠷᠲᠡᠭᠰᠡᠳ᠂ ᠪᠥᠬᠦ ᠤᠯᠤᠰ ᠤᠨ ᠯᠧᠢ ᠹᠧᠩ ᠠᠴᠠ ᠰᠤᠷᠤᠯᠴᠠᠭᠰᠠᠨ | ᠠᠵᠢᠯ ᠤᠨ ᠪᠠᠶᠢᠷᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ᠂ | ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠺᠠᠳ᠋ᠷ᠂ ᠥᠪᠥᠷ | ᠮᠣᠩᠭᠤᠯ ᠤᠨ ᠤᠯᠠᠭᠠᠨ ᠪᠥᠴᠡᠲᠡᠨ ᠤ ᠪᠢᠴᠢᠬᠠᠨ ᠬᠤᠶᠠᠭᠲᠤ ᠰᠠᠶᠢᠨ ᠳᠤᠷᠠᠴᠤᠤᠯ ᠤᠨ ᠪᠦᠯᠬᠦᠮ ᠤᠨ ᠶᠡᠷᠦᠩᠬᠡᠶ | ᠬᠠᠪᠰᠤᠷᠤᠨ ᠵᠢᠯᠣᠭᠤᠳᠣᠭᠴᠢ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠵᠡᠷᠭᠡ ᠲᠥᠯᠥᠭᠡᠯᠡᠭᠴᠢ ᠶᠢ ᠤᠷᠢᠵᠤ᠂ | ᠪᠠᠭᠠᠴᠤᠳ ᠬᠡᠦᠬᠡᠳ ᠲᠠᠢ ᠬᠠᠮᠲᠤ ᠮᠠᠷᠲᠠᠭᠳᠠᠰᠢ ᠥᠬᠡᠶ ᠨᠢᠭᠡᠨ ︽6·1︾ ᠢ ᠥᠩᠭᠡᠷᠡᠭᠦᠯᠪᠡ᠃ | | | | | | ᠡᠨᠡ ᠤᠳᠠᠭᠠᠨ ᠤ ᠠᠵᠢᠯᠯᠠᠭ᠎ᠠ ᠪᠣᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠮᠠᠷᠠᠲᠤ ᠬᠢᠯᠢ ᠪᠠᠨ | ᠴᠣᠭᠴᠠᠯᠠᠬᠤ︾ ᠰᠢᠷᠢᠰ ᠠᠵᠢᠯᠯᠠᠭᠠᠨ ᠤ ᠨᠢᠭᠡ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠳᠤᠮᠳᠠᠳᠤ ᠤᠯᠤᠰ ᠤᠨ ᠦᠨᠳᠦᠰᠦᠲᠡᠨ ᠤ ᠺᠢᠨᠣ᠋ ᠲᠧᠯᠸᠢᠰ ᠤᠷᠠᠯᠢᠭ ᠤᠨ ᠬᠥᠭᠵᠢᠯᠲᠡ ᠶᠢ | ᠠᠬᠢᠭᠤᠯᠬᠤ ᠨᠡᠶᠢᠭᠡᠮᠯᠢᠭ ᠠᠴᠠ ᠬᠠᠮᠲᠤᠷᠠᠨ ᠭᠤᠤᠯᠯᠠᠨ ᠡᠷᠭᠢᠯᠡᠵᠦ᠂ ᠬᠥᠬᠡᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ 2022 ᠣᠨ ᠤ 5 ᠰᠠᠷ᠎ᠠ ᠶᠢᠨ 30 ᠤ ᠡᠳᠦᠷ ᠥᠪᠥᠷ | ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠰᠤᠪᠠᠭ ᠪᠠ | ᠳᠡᠭᠦᠯᠢᠯᠲᠡ ᠬᠠᠮ ᠵᠠᠭᠤᠴᠢᠯᠠᠭᠤᠷ ᠲᠤ ᠵᠡᠷᠭᠡ ᠪᠠᠷ ᠨᠡᠪᠲᠡᠷᠡᠭᠦᠯᠬᠦ ᠪᠣᠯᠤᠨ᠎ᠠ᠃ | | | | | | | |