ᠰᠤᠷᠭᠠᠨ ᠬᠥᠮᠦᠵᠢᠯ ᠤᠨ ᠶᠠᠮᠤᠨ ᠠᠴᠠ ᠣᠳᠣᠬᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠲᠤᠬᠠᠢ 4 ᠱᠠᠭᠠᠷᠳᠠᠯᠭ᠎ᠠ ᠳᠤᠷᠠᠳᠪᠠ
ᠨᠡᠶᠢᠲᠡᠯᠡᠭᠰᠡᠨ ᠴᠠᠭ᠄
2022/6/14
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ 2022 ᠣᠨ ᠤ ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠣᠷᠣᠨ ᠨᠤᠲᠤᠭ ᠪᠠ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢᠶᠠᠨ ᠰᠣᠯᠢᠯᠴᠠᠵᠤ᠂ ᠣᠳᠣᠬᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠬᠤᠷᠠᠯ ᠠᠴᠠ ᠶᠠᠮᠠᠷ ᠠᠭᠤᠯᠭ᠎ᠠ ᠶᠢ ᠴᠢᠬᠤᠯᠠᠴᠢᠯᠠᠭᠰᠠᠨ ᠪᠣᠶ︖ ᠬᠠᠮᠲᠤ ᠳᠤ ᠪᠠᠨ ᠦᠵᠡᠵᠡᠭᠡᠶ᠎ᠡ᠃      ᠬᠤᠷᠠᠯ ᠠᠴᠠ ᠳᠥᠷᠪᠡᠨ ᠵᠦᠢᠯ ᠤᠨ ᠪᠠᠶᠢᠷᠢᠯᠠᠭᠤᠯᠤᠯᠲᠠ ᠬᠢᠵᠡᠶ᠃      ᠨᠢᠭᠡ ᠳᠤ᠂ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ 6 ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠪᠥᠬᠦ ᠤᠯᠤᠰ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠬᠦᠴᠦᠲᠡᠶ ᠬᠡᠷᠡᠭᠵᠢᠭᠦᠯᠬᠦ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠶᠢ ᠤᠷᠤᠭᠰᠢᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠣᠨᠴᠠ ᠵᠠᠷᠢᠮ ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠦᠶ᠎ᠡ ᠳᠤ ᠣᠷᠣᠰᠢᠵᠤ ᠪᠠᠶᠢᠭ᠎ᠠ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ᠂ ᠱᠠᠲᠤ ᠱᠠᠲᠤ ᠪᠠᠷ ᠡᠭᠦᠷᠭᠡ ᠨᠡᠮᠡᠬᠦ ᠵᠡᠷᠭᠡ ᠦᠵᠡᠭᠳᠡᠯ ᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃      ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ᠂ ᠰᠤᠷᠭᠠᠭᠤᠯᠢ ᠶᠢᠨ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢᠨ ᠪᠠᠶᠢᠳᠠᠯ ᠪᠣᠯᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ ᠶᠢ ᠦᠨᠳᠦᠰᠦᠯᠡᠨ᠂ ︽ᠮᠤᠵᠢ ᠶᠢᠨ ᠳᠣᠲᠣᠷ᠎ᠠ ᠨᠢᠭᠡᠳᠦᠯᠲᠡᠶ ᠲᠥᠯᠦᠪᠯᠡᠬᠦ᠂ ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠤ ᠪᠠᠷ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠨᠠᠷᠢᠯᠢᠭ ᠣᠨᠣᠴᠠᠲᠠᠢ ᠰᠤᠳᠤᠯᠤᠨ ᠮᠠᠭᠠᠳᠯᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ    ᠬᠡᠷᠡᠭᠲᠡᠢ᠃      ᠭᠤᠷᠪᠠ ᠳᠤ᠂ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡ ᠶᠢ ᠪᠠᠲᠤᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠰᠤᠷᠤᠭᠴᠢᠳ ᠤᠨ ᠬᠦᠰᠡᠯ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠰᠤᠷᠤᠭᠴᠢᠳ ᠤᠨ ᠰᠤᠷᠤᠯᠴᠠᠯᠭ᠎ᠠ᠂ ᠡᠷᠳᠡᠮ ᠰᠢᠨᠵᠢᠯᠡᠭᠡ᠂ ᠳᠠᠳᠤᠯᠭ᠎ᠠ᠂ ᠰᠢᠯᠭᠠᠯᠲᠠ ᠵᠡᠷᠭᠡ ᠶᠢ ᠲᠣᠬᠢᠲᠠᠶ ᠰᠠᠶᠢᠲᠤᠷ ᠲᠣᠬᠢᠷᠠᠭᠤᠯᠵᠤ᠂ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠬᠤ ᠬᠡᠷᠡᠭᠲᠡᠶ᠃      ᠳᠥᠷᠪᠡ ᠳᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠨ᠎ᠠ᠃ ᠵᠤᠨ ᠤ ᠠᠮᠠᠷᠠᠯᠲᠠ ᠣᠶᠢᠷᠠᠳᠴᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠵᠤᠨ ᠤ ᠠᠮᠠᠷᠠᠯᠲᠠ ᠳᠤ ᠴᠢᠯᠥᠭᠡ ᠲᠠᠯᠪᠢᠬᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠤᠬᠢᠷᠠᠭᠤᠯᠤᠯᠳᠠ ᠶᠢ ᠤᠷᠢᠳᠴᠢᠯᠠᠨ ᠲᠥᠯᠥᠪᠵᠢᠭᠦᠯᠵᠦ᠂ ᠵᠤᠨ ᠤ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠨᠠᠷᠢᠯᠢᠭᠵᠢᠭᠤᠯᠵᠤ᠂ ᠵᠢᠭᠠᠨ ᠰᠤᠷᠭᠠᠯᠲᠠ ᠡᠷᠳᠡᠮ ᠰᠢᠨᠵᠢᠯᠡᠭᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠵᠦ᠂ ᠵᠤᠨ ᠤ ᠠᠮᠠᠷᠠᠯᠲᠠ ᠳᠤ ᠰᠤᠷᠭᠠᠭᠤᠯᠢ ᠳᠤ ᠦᠯᠡᠳᠡᠬᠦ ᠠᠵᠢᠯᠳᠠᠨ ᠢ ᠵᠣᠬᠢᠰᠲᠠᠢ ᠲᠣᠬᠢᠷᠠᠭᠤᠯᠵᠤ᠂ ᠰᠤᠷᠭᠠᠭᠤᠯᠢ ᠳᠤ ᠦᠯᠡᠳᠡᠭᠰᠡᠨ ᠪᠠᠭᠰᠢ ᠰᠤᠷᠤᠬᠴᠢ ᠠᠵᠢᠯᠳᠠᠨ ᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠬᠴᠢ ᠶᠢᠨ ᠡᠷᠡᠭᠦᠯ ᠮᠡᠨᠳᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃      ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ᠂ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ᠂ ᠾᠧᠨᠠᠨ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂ ᠶᠦᠨᠨᠠᠨ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ 6 ᠨᠢᠭᠡᠴᠢ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠪᠠ᠃ ᠰᠤᠷᠭᠠᠨ ᠬᠥᠮᠦᠵᠢᠯ ᠤᠨ ᠶᠠᠮᠤᠨ ᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠡᠯ᠎ᠡ ᠳᠡᠭᠡᠳᠦ ᠰᠤᠷᠭᠠᠭᠤᠯᠢ᠂ ᠶᠠᠮᠤᠨ ᠪᠠ ᠮᠤᠵᠢ ᠶᠢᠨ ᠬᠠᠮᠲᠤᠷᠠᠨ ᠪᠠᠶᠢᠭᠤᠯᠤᠭᠰᠠᠨ ᠡᠯ᠎ᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠲᠣᠰ ᠲᠣᠰ ᠭᠤᠤᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号