ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠷᠢᠯᠢᠭ ᠣᠨᠣᠴᠠᠲᠠᠢ ᠠᠩᠬᠠᠷᠴᠤ ᠬᠠᠷᠠᠯᠲᠠ ᠲᠠᠢ ᠬᠦᠴᠦᠯᠡᠵᠦ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ ᠥᠪᠡᠷ ᠢ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/6/17
     ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ  ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠪᠠᠷ ᠭᠤᠤᠯᠳᠠᠭᠤᠯᠵᠤ᠂ ᠬᠠᠨᠳᠤᠯᠭᠠᠲᠠᠢ ᠪᠠᠶᠢᠷᠢ ᠳᠣᠭᠲᠠᠭᠠᠬᠤ ᠶᠢ ᠲᠣᠪᠤᠶᠢᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ᠡᠪᠡᠳᠴᠢᠨ ᠤ ᠦᠨᠳᠦᠰᠦ ᠶᠢ ᠤᠷᠢᠳ ᠢᠶᠠᠷ ᠲᠣᠳᠣᠷᠬᠠᠶ ᠣᠶᠢᠯᠠᠭᠠᠵᠤ᠂ ᠡᠪᠡᠳᠴᠢᠨ ᠤ ᠰᠢᠯᠲᠠᠭᠠᠨ ᠢ ᠣᠨᠣᠪᠴᠢᠲᠠᠶ ᠡᠷᠢᠵᠦ᠂ ᠡᠪᠡᠳᠴᠢᠨ ᠳᠤ ᠨᠢ ᠲᠠᠭᠠᠷᠠᠭᠤᠯᠤᠨ ᠡᠮ ᠥᠭᠬᠦ︾ ᠠᠵᠢᠯ ᠤᠨ ᠰᠡᠳᠬᠢᠮᠵᠢ ᠪᠠᠷ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠥᠪᠡᠷ ᠢ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ᠂ ᠠᠰᠠᠭᠤᠳᠠᠯ ᠢ ᠭᠦᠨᠵᠡᠭᠡᠶ ᠪᠠᠶᠢᠴᠠᠭᠠᠵᠤ᠂ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠨᠠᠷᠢᠨ ᠨᠢᠮᠪᠠᠶ ᠪᠠᠶᠢᠷᠢᠯᠠᠭᠤᠯᠵᠤ᠂ ᠪᠡᠶ᠎ᠡ ᠪᠠᠨ ᠳᠠᠭᠠᠭᠠᠵᠤ ᠪᠠᠶᠢᠴᠠᠭᠠᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ  ᠲᠠᠢ ᠠᠳᠠᠯᠢ ᠰᠤᠪᠠᠭ᠂ ᠠᠳᠠᠯᠢ ᠠᠯᠬᠤᠮ ᠢᠶᠠᠷ ᠰᠤᠷᠤᠯᠴᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠳᠠᠷᠤᠢ ᠳᠤ ᠨᠢ ᠬᠤᠷᠠᠯᠳᠤᠭᠤᠯᠵᠤ᠂ ᠰᠤᠷᠤᠯᠴᠠᠬᠤ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠡᠷᠭᠢᠯᠡᠵᠦ᠂ ᠲᠣᠰ ᠤᠳᠠᠭᠠᠨ ᠤ ᠲᠥᠪᠯᠡᠷᠡᠭᠦᠯᠦᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠵᠤ᠂ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠠᠬᠢᠭᠤᠯᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠭᠤᠤᠯ ᠤᠳᠤᠷᠢᠳᠤᠯᠭ᠎ᠠ ᠲᠦᠷᠦᠭᠦᠯᠡᠨ ᠦᠭᠡ ᠬᠡᠯᠡᠬᠦ᠂ ᠤᠳᠤᠷᠢᠳᠬᠤ ᠪᠠᠭ ᠤᠨ ᠬᠡᠰᠢᠭᠦᠨ ᠪᠦᠭᠦᠳᠡᠭᠡᠷ ᠢᠶᠠᠨ ᠰᠣᠯᠢᠯᠴᠠᠬᠤ᠂ ᠥᠷᠭᠡᠨ ᠣᠯᠠᠨ ᠨᠠᠮ ᠤᠨ ᠭᠡᠰᠢᠭᠦᠨ ᠪᠢᠴᠢᠭ ᠤᠨ ᠬᠡᠯᠪᠡᠷᠢ ᠶᠢᠨ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠬᠦ ᠶᠢ ᠪᠡᠶᠡᠯᠡᠭᠦᠯᠪᠡ᠃      ᠬᠡᠪᠴᠢᠶ᠎ᠡ ᠶᠢ ᠪᠠᠲᠤᠯᠠᠵᠤ᠂ ᠪᠦᠬᠦ ᠲᠠᠯ᠎ᠠ ᠪᠠᠷ ᠪᠠᠶᠢᠴᠠᠭᠠᠬᠤ ᠶᠢ ᠪᠡᠶᠡᠯᠡᠭᠦᠯᠪᠡ᠃ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠨᠠᠷᠢᠨ ᠬᠢᠨᠠᠮᠠᠭᠠᠶ ᠥᠷᠨᠢᠭᠦᠯᠵᠦ᠂ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷ ︽ᠠᠷᠪᠠᠨ ᠨᠢᠭᠡ ᠶᠢ ᠴᠢᠩᠭ᠎ᠠ ᠬᠤᠷᠢᠭᠯᠠᠬᠤ︾ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠪᠥᠬᠦ ᠭᠡᠰᠢᠭᠦᠨ ᠠᠮᠠᠯᠠᠯᠲᠠ ᠬᠢᠵᠦ᠂ ᠬᠥᠮᠦᠨ ᠪᠦᠬᠦᠨ ᠠᠮᠠᠯᠠᠯᠲᠠ ᠪᠠᠨ ᠦᠢᠯᠡᠳᠦᠯᠭᠡᠵᠢᠭᠦᠯᠪᠡ᠃ ᠥᠪᠡᠷ ᠢ ᠢᠶᠠᠨ ᠪᠠᠶᠢᠴᠠᠭᠠᠵᠤ ᠥᠪᠡᠷ  ᠢᠶᠠᠨ ᠵᠠᠯᠠᠷᠠᠭᠤᠯᠬᠤ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ 226 ᠠᠰᠠᠭᠤᠳᠠᠯ ᠢ ᠪᠠᠶᠢᠴᠠᠭᠠᠨ ᠵᠢᠭᠰᠠᠭᠠᠬᠤ ᠶᠢᠨ ᠬᠠᠮᠲᠤ᠂ ᠬᠥᠮᠦᠨ ᠳᠠᠷᠠᠭᠠᠯᠠᠨ ᠵᠤᠷᠪᠤᠰ ᠳᠠᠷᠠᠭᠠᠯᠠᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠬᠥᠮᠦᠨ ᠨᠢᠭᠡ ᠨᠠᠷᠢᠨ ᠲᠠᠩᠰᠠ ᠲᠠᠢ ᠪᠠᠶᠢᠯᠭᠠᠬᠤ ᠪᠠ ᠨᠠᠮ ᠤᠨ ᠡᠭᠦᠷ ᠲᠤ ᠶᠡᠷᠦᠩᠬᠡᠶ ᠲᠠᠩᠰᠠ ᠪᠠᠶᠢᠭᠤᠯᠬᠤ ᠶᠢ ᠪᠡᠶᠡᠯᠡᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠣᠭᠤᠷᠢᠨ ᠪᠠᠶᠢᠴᠠᠭᠠᠯᠲᠠ᠂ ᠤᠯᠠᠨ ᠲᠦᠮᠡᠨ ᠤ ᠲᠤᠰᠬᠠᠯ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ ᠶᠢ ᠬᠦᠯᠢᠶᠠᠨ ᠠᠪᠤᠭᠰᠠᠨ ᠬᠤᠯᠪᠤᠭᠳᠠᠬᠤ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ ᠢ ︽ᠪᠤᠴᠠᠨ ᠬᠠᠷᠠᠬᠤ︾ ᠠᠵᠢᠯ ᠢ ᠥᠷᠨᠢᠭᠦᠯᠵᠦ᠂ ᠡᠨᠡ ᠤᠳᠠᠭᠠᠨ ᠤ ᠲᠥᠪᠯᠡᠷᠡᠭᠦᠯᠦᠨ ᠵᠠᠰᠠᠬᠤ ᠯᠤᠭ᠎ᠠ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠪᠤᠴᠠᠨ ᠬᠠᠷᠠᠬᠤ︾ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃      ᠴᠥᠭᠡᠨ ᠲᠣᠭᠠᠲᠠᠨ ᠢ ᠠᠳᠬᠤᠵᠤ᠂ ᠭᠤᠤᠯᠳᠠᠯᠭ᠎ᠠ ᠶᠢ ᠳᠣᠪᠤᠶᠢᠯᠭᠠᠨ ᠪᠠᠶᠢᠴᠠᠭᠠᠪᠠ᠃ ᠨᠠᠮ ᠤᠨ ᠭᠡᠰᠢᠭᠦᠨ ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠨᠠᠮ ᠤᠨ ᠠᠵᠢᠯ ᠤᠨ ᠬᠤᠷᠢᠶᠠᠨ ᠤ ᠬᠡᠰᠢᠭᠦᠨ᠂ ᠡᠯ᠎ᠡ ᠨᠠᠮ ᠤᠨ ᠡᠭᠦᠷ ᠤᠨ ᠱᠦᠵᠢ ᠶᠢᠨ ᠥᠪᠡᠷ ᠢ ᠢᠶᠠᠨ ᠪᠠᠶᠢᠴᠠᠭᠠᠵᠤ  ᠥᠪᠡᠷ ᠢᠶᠠᠨ ᠵᠠᠯᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠴᠢᠩᠭ᠎ᠠ ᠱᠠᠭᠠᠷᠳᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡ ᠪᠦᠷᠢ ᠶᠢ ᠨᠠᠷᠢᠨ ᠬᠢᠨᠠᠮᠠᠭᠠᠢ ᠪᠠᠶᠢᠴᠠᠭᠠᠨ ᠵᠢᠭᠰᠠᠭᠠᠬᠤ ᠶᠢᠨ ᠬᠠᠮᠲᠤ ᠤᠳᠤᠷᠢᠳᠬᠤ ᠪᠠᠭ ᠤᠨ ᠬᠡᠰᠢᠭᠦᠨ ᠬᠤᠭᠤᠷᠣᠨᠳᠣ ᠪᠠᠨ ᠨᠡᠪᠳᠡᠷᠡᠯᠴᠡᠨ ᠰᠣᠯᠢᠯᠴᠠᠬᠤ ᠪᠠᠷ ᠲᠠᠮᠵᠢᠨ ᠬᠠᠷᠢᠯᠴᠠᠨ ᠰᠠᠨᠠᠯ ᠳᠤᠷᠠᠳᠴᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠪᠤᠷᠤᠭᠤ ᠶᠢ ᠨᠢ ᠰᠠᠨᠠᠭᠤᠯᠵᠤ᠂ ᠪᠤᠷᠤᠭᠤ ᠶᠢ ᠨᠢ ᠲᠠᠨᠢᠭᠤᠯᠤᠨ᠎ᠠ᠃ ᠪᠠᠭ ᠤᠨ ᠬᠡᠰᠢᠭᠦᠨ ᠤ ᠪᠠᠶᠢᠴᠠᠭᠠᠨ ᠵᠢᠭᠰᠠᠭᠠᠭᠰᠠᠨ ᠠᠰᠠᠭᠤᠳᠠᠯ ᠳᠤ ᠲᠤᠰᠠᠭᠠᠷ ᠡᠬᠡ ᠲᠠᠩᠰᠠ ᠪᠠᠶᠢᠭᠤᠯᠵᠤ᠂ ᠭᠤᠤᠯ ᠤᠳᠤᠷᠢᠳᠤᠯᠭ᠎ᠠ ᠰᠢᠪᠠᠳᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠴᠡᠭᠴᠡᠯᠡᠨ ᠥᠭᠡᠷᠡᠴᠢᠯᠡᠬᠦ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号