ᠰᠤᠷᠭᠠᠨ ᠬᠥᠮᠦᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠨ᠎ᠠ — ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠲᠣᠪᠴᠢᠶᠠᠨ ᠳᠠᠷᠤᠭ᠎ᠠ ᠠᠵᠢᠯ ᠤᠨ ᠴᠤᠪᠤᠷᠠᠯ ᠢ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/6/17
     ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠤᠳᠤᠷᠢᠳᠤᠯᠭ᠎ᠠ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠲᠥᠪ ᠤᠨ  ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠴᠣᠩᠬᠤᠪᠴᠢ ᠳᠤ ᠣᠴᠢᠵᠤ᠂ ᠴᠣᠩᠬᠤᠪᠴᠢ ᠶᠢᠨ ᠡᠩ ᠤᠨ ᠠᠵᠢᠯᠲᠠᠨ ᠤ ᠬᠤᠪᠢ ᠪᠠᠷ ︽ᠪᠡᠶ᠎ᠡ ᠪᠠᠷ ᠢᠶᠠᠨ ᠭᠦᠢᠴᠡᠳᠭᠡᠬᠦ᠂ ᠪᠠᠷ᠎ᠠ ᠪᠣᠯᠵᠣ ᠭᠦᠢᠴᠡᠳᠭᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠢᠩᠬᠢᠮ ᠳᠤ ᠰᠠᠭᠤᠭ᠎ᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠪᠣᠳᠠᠲᠠᠶ ᠵᠦᠢᠯ ᠪᠠ ᠭᠦᠢᠴᠡᠳᠭᠡᠬᠦ ᠴᠤᠪᠤᠷᠠᠯ ᠢ ᠣᠶᠢᠯᠠᠭᠠᠵᠤ᠂ ᠣᠯᠠᠨ ᠲᠦᠮᠡᠨ ᠤ ᠠᠵᠢᠯ ᠶᠠᠪᠤᠳᠠᠯ ᠢ ᠭᠦᠢᠴᠡᠳᠭᠡᠬᠦ ᠬᠠᠷᠠᠭᠠᠰᠤ ᠠᠴᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠶᠠᠪᠤᠴᠠ ᠪᠠᠷ ᠲᠣᠩᠭᠤᠷᠠᠭᠤᠯᠤᠨ ᠪᠠᠶᠢᠴᠠᠭᠠᠪᠠ᠃

     ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ

ᠳᠣᠪᠴᠢᠶᠠᠨ ᠤ ᠤᠳᠤᠷᠢᠳᠤᠯᠭ᠎ᠠ ᠨᠠᠷ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︾ ᠶᠢ ᠪᠡᠶᠡᠴᠢᠯᠡᠨ

ᠣᠶᠢᠯᠠᠭᠠᠬᠤ ᠵᠦᠢᠯ ᠪᠣᠯᠭᠠᠵᠤ᠂ ︽ᠪᠡᠶ᠎ᠡ ᠪᠠᠷ ᠢᠶᠠᠨ ᠭᠦᠢᠴᠡᠳᠭᠡᠬᠦ᠂ ᠪᠠᠷ᠎ᠠ ᠪᠣᠯᠵᠣ ᠭᠦᠢᠴᠡᠳᠭᠡᠬᠦ︾ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠠᠵᠢᠯ ᠶᠠᠪᠤᠳᠠᠯ ᠢ ᠭᠦᠢᠴᠡᠳᠭᠡᠬᠦ ᠣᠯᠠᠨ ᠲᠦᠮᠡᠨ ᠲᠢᠩᠬᠢᠮ ᠳᠤ ᠬᠦᠷᠴᠦ᠂ ᠮᠥᠷᠯᠡᠬᠦ᠂ ᠭᠦᠢᠴᠡᠳᠭᠡᠬᠦ᠂

ᠮᠠᠲ᠋ᠧᠷᠢᠶᠠᠯ ᠢ ᠬᠢᠨᠠᠨ ᠰᠢᠯᠭᠠᠬᠤ᠂ ᠠᠵᠢᠯ ᠶᠠᠪᠤᠳᠠᠯ ᠢ ᠭᠦᠢᠴᠡᠳᠭᠡᠵᠦ ᠳᠠᠭᠤᠰᠬᠠᠬᠤ᠂ ᠦᠢᠯᠡᠴᠢᠯᠡᠭᠡ ᠶᠢ ᠦᠨᠡᠯᠡᠬᠦ

ᠵᠡᠷᠭᠡ ᠭᠤᠭᠴᠤᠭᠠᠨ ᠤ ᠪᠥᠬᠦ ᠶᠠᠪᠤᠴᠠ ᠳᠤ ᠪᠠᠷ᠎ᠠ ᠪᠣᠯᠵᠣ ᠪᠦᠷᠢᠨ ᠪᠦᠲᠦᠨ ᠠᠵᠢᠯ ᠶᠠᠪᠤᠳᠠᠯ ᠢ ᠭᠦᠢᠴᠡᠳᠭᠡᠬᠦ

ᠴᠤᠪᠤᠷᠠᠯ ᠢ ᠥᠩᠭᠡᠷᠡᠭᠡᠭᠰᠡᠨ ᠤ ᠬᠠᠮᠲᠤ ᠮᠠᠲ᠋ᠧᠷᠢᠶᠠᠯ ᠢ ᠴᠣᠮᠬᠠᠳᠬᠠᠬᠤ᠂ ᠴᠠᠭ ᠤᠨ ᠬᠢᠵᠠᠭᠠᠷ ᠢ ᠪᠣᠭᠤᠨᠢᠰᠬᠠᠬᠤ᠂

ᠠᠵᠢᠯ ᠶᠠᠪᠤᠳᠠᠯ ᠢ ᠭᠦᠢᠴᠡᠳᠭᠡᠬᠦ ᠴᠤᠪᠤᠷᠠᠯ ᠵᠡᠷᠭᠡ ᠲᠠᠯ᠎ᠠ ᠪᠠᠷ ᠠᠵᠢᠯᠲᠠᠨ᠂ ᠠᠵᠢᠯ ᠶᠠᠪᠤᠳᠠᠯ ᠢ ᠭᠦᠢᠴᠡᠳᠭᠡᠬᠦ ᠣᠯᠠᠨ

ᠲᠦᠮᠡᠨ ᠲᠠᠢ ᠨᠡᠪᠲᠡᠷᠡᠨ ᠰᠣᠯᠢᠯᠴᠠᠬᠤ ᠪᠠᠷ ᠳᠠᠮᠵᠢᠭᠤᠯᠤᠨ᠂ ︽ᠲᠦᠭᠵᠢᠷᠡᠯ︾ ᠢ ᠡᠷᠢᠵᠦ ᠭᠠᠷᠭᠠᠨ᠂ ᠬᠤᠯᠪᠤᠭᠳᠠᠬᠤ

ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠳᠤᠷᠠᠳᠪᠠ᠃

     ︽ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯ᠂ ᠰᠤᠷᠭᠠᠨ ᠬᠥᠮᠦᠵᠢᠯ ᠤᠨ ᠭᠦᠢᠴᠡᠳᠭᠡᠭᠦᠰᠢᠲᠡᠢ ᠠᠵᠢᠯ

ᠮᠥᠨ︾᠃ ︽ᠲᠣᠪᠴᠢᠶᠠᠨ ᠳᠠᠷᠤᠭ᠎ᠠ ᠠᠵᠢᠯ ᠤᠨ ᠴᠤᠪᠤᠷᠠᠯ ᠢ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠶᠢ

ᠥᠷᠨᠢᠭᠦᠯᠦᠭᠰᠡᠨ ᠨᠢ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠳᠣᠪᠴᠢᠶᠠᠨ ᠠᠴᠠ ᠣᠯᠠᠨ

ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤ ᠪᠤᠴᠠᠭᠠᠵᠤ᠂ ᠠᠵᠢᠯ ᠤᠨ ᠰᠤᠷᠲᠠᠯ ᠢᠶᠠᠨ

ᠬᠤᠪᠢᠷᠠᠭᠤᠯᠵᠤ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶᠡᠨ ᠤ ᠨᠢᠭᠡ

ᠪᠣᠯᠤᠨ᠎ᠠ᠃ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠷᠠᠳ

ᠲᠦᠮᠡᠨ ᠢᠶᠠᠷ ᠭᠤᠣᠯᠯᠠᠭᠤᠯᠬᠤ  ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠤᠳᠠᠯᠳᠤᠭᠠᠨ ᠤ ᠡᠵᠡᠩᠨᠡᠯᠲᠡ ᠶᠢᠨ

ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠡᠭᠦᠷᠭᠡ ᠪᠠᠨ ᠪᠣᠯᠭᠠᠵᠤ᠂ ᠴᠤᠩᠬᠤᠪᠴᠢ ᠶᠢᠨ ᠠᠵᠢᠯᠲᠠᠨ ᠤ

ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ

ᠴᠤᠩᠬᠤᠪᠴᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠥᠭᠦᠮᠴᠢᠯᠡᠬᠦ ᠪᠠᠶᠢᠭᠤᠯᠤᠯᠲᠠ ᠶᠢ

︽ᠠᠰᠢᠭᠲᠠᠢ ᠰᠢᠲᠠᠷ᠎ᠠ︾ ᠪᠣᠯᠭᠠᠵᠤ᠂ ︽ᠪᠥᠬᠦ ᠰᠡᠳᠬᠢᠯ ᠢᠶᠠᠷ ᠦᠢᠯᠡᠴᠢᠯᠡᠵᠦ᠂ ᠳᠠᠷᠦ᠋ᠢᠬᠠᠨ ᠭᠦᠢᠴᠡᠳᠭᠡᠬᠦ︾

ᠰᠢᠯᠢᠳᠡᠭ ᠤᠯᠠᠮᠵᠢᠯᠠᠯᠲᠤ ᠰᠤᠷᠲᠠᠯ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠭᠦᠨᠵᠡᠭᠡᠶᠢᠷᠡᠭᠦᠯᠬᠦ

ᠪᠥᠬᠦ ᠶᠠᠪᠤᠴᠠ ᠳᠤ ᠲᠤᠭᠤᠰᠢᠯᠠᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠭᠦᠷᠲᠡᠭᠡᠮᠵᠢ ᠶᠢᠨ

ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号