| | ᠪᠥᠬᠦ ᠣᠷᠣᠨ ᠳᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ | ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠰᠤᠷᠭᠠᠨ ᠬᠥᠮᠦᠵᠢᠯ ᠤᠨ ᠰᠢᠰᠲ᠋ᠧᠮ ᠢ | ᠵᠢᠯᠣᠭᠤᠳᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠰᠤᠷᠤᠯᠴᠠᠵᠤ ᠥᠭᠡᠷᠡᠴᠢᠯᠡᠵᠦ ᠬᠢᠬᠦ ᠶᠢᠨ | ︽ᠨᠢᠭᠡ ᠬᠥᠯᠭᠡ ᠰᠢᠲᠠᠷ᠎ᠠ︾ ᠶᠢᠨ ᠲᠥᠯᠦᠪᠵᠢᠭᠦᠯᠭᠡ᠂ ᠨᠢᠭᠡ ᠴᠣᠭᠴᠠᠵᠢᠭᠤᠯᠬᠤ ᠨᠠᠶᠢᠳᠠᠪᠤᠷᠢᠵᠢᠭᠤᠯᠤᠯᠲᠠ ᠶᠢ | ᠪᠠᠷᠢᠮᠲᠠᠯᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠬᠥᠮᠦᠵᠢᠯ᠂ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠳᠣᠭᠲᠠᠭᠠᠭᠰᠠᠨ | ᠠᠵᠢᠯᠯᠠᠭ᠎ᠠ ᠶᠢ ᠡᠮᠬᠢ ᠵᠢᠷᠤᠮᠲᠠᠢ ᠠᠬᠢᠭᠤᠯᠵᠤ᠂ 200 ᠭᠠᠷᠤᠶ ᠵᠦᠢᠯ ᠤᠨ ᠲᠦᠷᠢᠮ ᠲᠣᠭᠲᠠᠭᠠᠯ ᠢ ᠪᠥᠷᠢᠨ | ᠭᠦᠢᠴᠡᠳ ᠲᠡᠭᠦᠯᠳᠡᠷᠵᠢᠭᠦᠯᠵᠦ᠂ ᠲᠥᠪᠯᠡᠷᠡᠭᠦᠯᠦᠨ ᠵᠠᠰᠠᠬᠤ ᠠᠵᠢᠯ ᠤᠨ ᠱᠠᠲᠤᠴᠢ ᠴᠢᠨᠠᠷᠲᠠᠶ ᠦᠷ᠎ᠡ ᠪᠦᠲᠦᠮᠵᠢ | ᠤᠯᠬᠤ ᠶᠢ ᠠᠬᠢᠭᠤᠯᠪᠠ᠃ | ᠤᠯᠤᠰ ᠲᠥᠷᠥ ᠶᠢᠨ ᠵᠢᠯᠣᠭᠤᠳᠤᠮᠵᠢ ᠶᠢ ᠳᠣᠪᠤᠶᠢᠯᠭᠠᠵᠤ᠂ ᠲᠠᠨᠢᠯᠲᠠ ᠪᠠᠨ ᠭᠦᠨᠵᠡᠭᠡᠶᠢᠷᠡᠭᠦᠯᠬᠦ ᠳᠡᠭᠡᠷ᠎ᠡ | ᠬᠦᠴᠦ ᠲᠠᠯᠪᠢᠪᠠ᠃ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ᠂ ᠦᠵᠡᠯ ᠰᠠᠨᠠᠭ᠎ᠠ ᠪᠠᠷ ᠬᠦᠳᠦᠯᠥᠨ | ᠳᠠᠭᠠᠭᠤᠯᠬᠤ ᠶᠢ ᠪᠠᠷᠢᠮᠲᠠᠯᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ | ᠲᠤᠰᠬᠠᠢ ᠰᠡᠳᠦᠪᠲᠦ ᠲᠠᠶᠢᠯᠤᠮᠵᠢ᠂ ᠮᠡᠳᠡᠯᠭᠡ ᠶᠢᠨ ᠰᠣᠷᠢᠯᠲᠠ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ | ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠂ | ︽ᠰᠢᠨ᠎ᠡ ᠪᠠᠶᠢᠳᠠᠯ ᠳᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ | ᠪᠠᠷᠢᠮᠵᠢᠶ᠎ᠠ ᠨᠤᠭᠤᠳ︾ ᠵᠡᠷᠭᠡ ᠵᠠᠪᠠᠯ ᠰᠤᠷᠤᠯᠴᠠᠬᠤ ᠠᠭᠤᠯᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠭᠡᠰᠢᠭᠦᠨ | ᠺᠠᠳ᠋ᠷ ᠲᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠶᠢᠨ ᠴᠢᠬᠤᠯᠠ | ᠶᠡᠭᠡ ᠠᠴᠢ ᠬᠤᠯᠪᠣᠭᠳᠠᠯ᠂ ᠲᠦᠷᠦ ᠶᠢᠨ ᠪᠤᠳᠤᠯᠭ᠎ᠠ ᠲᠣᠭᠲᠠᠭᠠᠯ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ | ᠲᠣᠳᠣᠷᠬᠠᠢ ᠤᠢᠢᠯᠠᠭᠠᠭᠤᠯᠪᠠ᠃ ︽ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠨᠡᠶᠢᠲᠡᠯᠡᠯ︾ ᠸᠢᠴᠠᠲ ᠤᠨ | ᠨᠡᠶᠢᠲᠡ ᠶᠢᠨ ᠳ᠋ᠤᠭᠠᠷ ᠲᠤ ︽ᠡᠳᠦᠷ ᠪᠦᠷᠢ ᠶᠢᠨ ᠰᠤᠷᠤᠯᠴᠠᠯᠭ᠎ᠠ︾ ᠲᠤᠰᠬᠠᠶ ᠪᠤᠯᠤᠩ ᠭᠠᠷᠭᠠᠵᠤ᠂ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠬᠤᠯᠪᠤᠭᠳᠠᠬᠤ ᠰᠤᠷᠤᠯᠴᠠᠬᠤ ᠠᠭᠤᠯᠭ᠎ᠠ ᠶᠢ | ᠲᠣᠭᠲᠠᠮᠠᠯ ᠬᠤᠭᠤᠴᠠᠭᠠᠲᠠᠢ ᠪᠠᠷ ᠨᠡᠶᠢᠲᠡᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠵᠤ ᠰᠡᠳᠬᠢᠵᠦ | ᠦᠢᠯᠡᠳᠦᠯᠭᠡᠵᠢᠭᠦᠯᠵᠦ ᠣᠶᠢᠯᠠᠭᠠᠬᠤ᠂ ᠨᠠᠷᠢᠨ ᠬᠢᠨᠠᠮᠠᠭᠠᠢ ᠬᠠᠷᠭᠤᠭᠤᠯᠵᠤ ᠯᠠᠪᠳᠠᠭᠤᠨ ᠪᠠᠲᠤᠲᠠᠶ ᠭᠦᠢᠴᠡᠳᠭᠡᠬᠦ ᠶᠢ | ᠬᠥᠲᠥᠯᠥᠨ ᠵᠢᠯᠣᠭᠤᠳᠪᠠ᠃ ᠣᠳᠣ ᠪᠣᠯᠲᠠᠯ᠎ᠠ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠪᠣᠯᠤᠨ ᠡᠯ᠎ᠡ ᠳᠡᠭᠡᠳᠦ ᠰᠤᠷᠭᠠᠭᠤᠯᠢ ᠶᠢᠨ ᠬᠢᠨ ᠲᠤᠰᠬᠠᠶ ᠰᠡᠳᠦᠪᠲᠦ ᠰᠤᠷᠤᠯᠴᠠᠯᠭ᠎ᠠ ᠶᠢ 146 ᠤᠳᠠᠭ᠎ᠠ | ᠥᠷᠨᠢᠭᠦᠯᠵᠦ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ 89 ᠤᠳᠠᠭ᠎ᠠ ᠥᠷᠨᠢᠭᠦᠯᠪᠡ᠃ ᠬᠡᠷᠡᠭ ᠢᠶᠠᠷ | ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠡᠯ᠎ᠡ ᠭᠠᠵᠠᠷ ᠤᠨ ᠡᠯ᠎ᠡ | ᠰᠤᠷᠭᠠᠭᠤᠯᠢ ᠶᠢᠨ ᠬᠢᠨ ᠤᠢᠢᠷ᠎ᠠ ᠶᠢᠨ ᠵᠢᠯ ᠤᠨ ᠲᠤᠷᠰᠢᠬᠢ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠴᠠᠭᠠᠨ | ᠰᠢᠢᠳᠬᠡᠭᠳᠡᠭᠰᠡᠨ ᠤᠳᠤᠷᠢᠳᠬᠤ ᠺᠠᠳ᠋ᠷ ᠢᠶᠠᠷ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠣᠯᠭᠠᠨ 104 ᠤᠳᠠᠭ᠎ᠠ | ᠰᠡᠷᠡᠮᠵᠢᠯᠡᠭᠦᠯᠦᠨ ᠬᠥᠮᠦᠵᠢᠭᠦᠯᠵᠦ᠂ ᠨᠠᠮ ᠤᠨ ᠭᠡᠰᠢᠭᠦᠨ ᠺᠠᠳ᠋ᠷ ᠢ ᠠᠷᠢᠭᠤᠨ ᠴᠢᠭᠡᠴᠢ ᠶᠢᠨ ᠬᠤᠷᠢᠭ᠎ᠠ ᠱᠤᠭᠤᠮ ᠢ | ᠰᠠᠬᠢᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ ᠬᠥᠮᠥᠵᠢᠯ ᠬᠢᠪᠡ᠃ | ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢᠭᠡ | ᠤᠳᠠᠭᠠᠨ ᠤ ᠰᠤᠷᠤᠯᠴᠠᠵᠤ ᠰᠤᠳᠤᠯᠤᠨ ᠶᠠᠷᠢᠯᠴᠠᠬᠤ᠂ ᠨᠢᠭᠡ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ᠂ ᠨᠢᠭᠡ ᠤᠳᠠᠭᠠᠨ ᠤ ᠰᠡᠷᠡᠮᠵᠢᠯᠡᠭᠦᠯᠬᠦ ᠬᠥᠮᠦᠵᠢᠯ᠂ ᠨᠢᠭᠡ ᠤᠳᠠᠭᠠᠨ ᠤ ᠲᠤᠰᠬᠠᠶ ᠰᠡᠳᠦᠪ ᠢᠶᠠᠷ | ᠰᠤᠳᠤᠯᠤᠨ ᠶᠠᠷᠢᠯᠴᠠᠬᠤ ︽ᠳᠥᠷᠪᠡᠨ ᠨᠢᠭᠡ︾ ᠶᠢᠨ ᠱᠠᠭᠠᠷᠳᠠᠯᠭ᠎ᠠ ᠶᠣᠰᠤ ᠪᠠᠷ ᠲᠥᠪᠯᠡᠷᠡᠭᠦᠯᠦᠨ ᠵᠠᠰᠠᠬᠤ ᠲᠤᠰᠬᠠᠶ | ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷᠯᠢᠭ ᠥᠷᠨᠢᠭᠦᠯᠪᠡ᠃ ᠰᠢᠯᠢ ᠶᠢᠨ ᠭᠤᠤᠯ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢᠨ ᠲᠡᠷᠭᠡᠨ ᠤ ᠰᠠᠯᠪᠤᠷᠢ ᠶᠢᠨ ᠰᠢᠭᠤᠳ ᠬᠠᠷᠢᠶ᠎ᠠ ᠨᠠᠮ ᠤᠨ ᠡᠭᠦᠷ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠰᠡᠷᠡᠮᠵᠢᠯᠡᠭᠦᠯᠬᠦ ᠬᠥᠮᠦᠵᠢᠯ ᠤᠨ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠬᠦ᠂ ᠰᠡᠷᠡᠮᠵᠢᠯᠡᠭᠦᠯᠬᠦ ᠬᠥᠮᠦᠵᠢᠯ ᠤᠨ ᠪᠠᠷᠢᠮᠲᠠᠲᠤ ᠹᠢᠯᠢᠮ ᠢ ᠦᠵᠡᠭᠦᠯᠬᠦ᠂ ᠰᠠᠨᠠᠯ ᠢᠶᠠᠨ | ᠰᠣᠯᠢᠯᠴᠠᠨ ᠶᠠᠷᠢᠶ᠎ᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠯᠴᠠᠯᠭ᠎ᠠ ᠪᠠ ᠬᠥᠮᠦᠵᠢᠯ ᠢ ᠵᠣᠬᠢᠶᠠᠨ | ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠯᠲᠠ ᠶᠢ ᠰᠡᠷᠭᠡᠶᠢᠯᠡᠬᠦ ᠥᠯᠥ | ᠬᠠᠯᠳᠠᠭᠠᠬᠤ ᠬᠦᠴᠦᠨ ᠢ ᠴᠢᠩᠭᠠᠷᠠᠭᠤᠯᠪᠠ᠃ | ᠳᠣᠲᠤᠭᠠᠳᠤ ᠳᠤ ᠥᠭᠡᠷᠡᠴᠢᠯᠡᠯᠡᠲᠡ ᠬᠢᠬᠦ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ | ᠲᠠᠯᠪᠢᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ | ᠪᠠᠶᠢᠴᠠᠭᠠᠬᠤ ᠪᠠ ᠪᠠᠶᠢᠴᠠᠭᠠᠬᠤ᠂ ᠪᠠᠭᠰᠢ ᠰᠤᠷᠤᠭᠴᠢᠳ ᠳᠣᠰᠬᠠᠬᠤ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ | ᠮᠡᠳᠡᠭᠦᠯᠬᠦ ᠶᠠᠪᠤᠴᠠ ᠳᠤ ᠢᠯᠡᠷᠡᠭᠦᠯᠦᠭᠰᠡᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ | ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠵᠦ᠂ ᠨᠠᠮ ᠤᠨ ᠭᠡᠰᠢᠭᠦᠨ ᠺᠠᠳ᠋ᠷ ᠢ ᠵᠣᠬᠢᠶᠠᠨ | ᠪᠠᠶᠢᠭᠤᠯᠵᠤ 11 ᠲᠠᠯ᠎ᠠ ᠶᠢᠨ 54 ᠵᠦᠢᠯ ᠤᠨ ᠪᠣᠳᠠᠲᠠᠶ ᠪᠠᠶᠢᠳᠠᠯ ᠲᠠᠢ ᠨᠠᠷᠢᠨ ᠬᠢᠨᠠᠮᠠᠭᠠᠶ ᠬᠠᠷᠭᠤᠭᠤᠯᠵᠤ | ᠠᠰᠠᠭᠤᠳᠠᠯ ᠢ ᠪᠠᠶᠢᠴᠠᠭᠠᠵᠤ᠂ ᠡᠮᠬᠢᠯᠡᠭᠰᠡᠨ ᠦᠷ᠎ᠡ ᠳ᠋ᠦᠩ ᠢ ᠦᠨᠳᠦᠰᠦᠯᠡᠨ ᠠᠰᠠᠭᠤᠳᠠᠯ ᠤᠨ ᠨᠠᠷᠢᠨ ᠲᠠᠩᠰᠠ ᠶᠢ | ᠪᠠᠶᠢᠭᠤᠯᠵᠤ᠂ ᠠᠷᠭ᠎ᠠ ᠬᠡᠮᠵᠢᠶ᠎ᠡ᠂ ᠴᠠᠭ ᠬᠤᠭᠤᠴᠠᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ ᠴᠡᠭᠴᠡᠯᠡᠨ | ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠠᠬᠢᠭᠤᠯᠪᠠ᠃ ᠣᠳᠣᠬᠠᠨ ᠳᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ 872 ᠠᠰᠠᠭᠤᠳᠠᠯ ᠢ ᠡᠮᠬᠢᠯᠡᠵᠦ᠂ ᠨᠢᠭᠡᠨᠲᠡ 632 ᠠᠰᠠᠭᠤᠳᠠᠯ ᠢ ᠴᠡᠭᠴᠡᠯᠡᠨ ᠥᠭᠡᠷᠡᠴᠢᠯᠡᠪᠡ᠃ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ | ᠪᠠᠶᠢᠴᠠᠭᠠᠨ ᠰᠢᠢᠳᠪᠦᠷᠢᠯᠡᠬᠦ ᠶᠢ ᠰᠤᠷᠭᠠᠨ ᠬᠥᠮᠦᠵᠢᠯ ᠤᠨ ᠬᠦᠷᠢᠶᠡᠨ ᠳᠠᠬᠢ ᠠᠰᠠᠭᠤᠳᠠᠯ ᠳᠤ ᠨᠠᠶᠢᠳᠠᠪᠤᠷᠢᠵᠢᠭᠤᠯᠵᠤ᠂ | ᠲᠣᠭᠲᠠᠮᠠᠯ ᠬᠤᠭᠤᠴᠠᠭᠠᠲᠠᠢ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠲᠤᠰᠬᠠᠶ ᠪᠠᠶᠢᠴᠠᠭᠠᠯᠲᠠ | ᠬᠢᠵᠦ᠂ ᠪᠠᠷᠢᠮᠵᠢᠶ᠎ᠠ ᠶᠢ ᠴᠢᠩᠳᠠᠯᠠᠵᠤ᠂ ᠬᠠᠲᠠᠭᠤ ᠲᠠᠢ ᠬᠠᠯᠳᠠᠵᠤ᠂ ᠭᠠᠵᠢᠭᠤ ᠰᠤᠷᠲᠠᠯ ᠢ ᠦᠷᠭᠦᠯᠵᠢᠯᠡᠨ ᠵᠠᠰᠠᠵᠤ᠂ | ᠰᠢᠨ᠎ᠡ ᠰᠤᠷᠲᠠᠯ ᠢ ᠪᠣᠶ ᠪᠣᠯᠭᠠᠵᠤ᠂ ᠲᠥᠪ ᠰᠤᠷᠲᠠᠯ ᠢ ᠪᠠᠳᠠᠷᠠᠭᠤᠯᠪᠠ᠃ ᠪᠠᠭᠰᠢ ᠶᠢᠨ ᠮᠤᠷᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠨᠠᠮ ᠢ | ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠬᠡᠷᠡᠭᠵᠢᠭᠦᠯᠬᠦ | ᠨᠠᠷᠢᠨ ᠲᠦᠷᠢᠮ︾ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ | ᠬᠠᠮᠠᠭᠠᠯᠠᠬᠤ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠳᠦᠷᠢᠮᠵᠢᠭᠦᠯᠬᠦ ᠵᠡᠷᠭᠡ | ᠭᠤᠣᠯᠳᠠᠯᠭᠠᠲᠠᠢ ᠵᠦᠢᠯ ᠢ ᠴᠢᠩᠭ᠎ᠠ ᠪᠥᠭᠡᠳ ᠪᠣᠳᠠᠲᠠᠶ ᠬᠢᠨᠠᠨ ᠵᠢᠯᠣᠭᠤᠳᠴᠤ᠂ ᠪᠦᠷᠢᠮᠦᠰᠦᠨ ᠪᠠᠷᠢᠮᠵᠢᠶ᠎ᠠ ᠳᠤ | ᠬᠦᠷᠭᠡᠵᠦ ᠲᠣᠭᠲᠠᠭᠠᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠪᠠ᠃ ︽ᠬᠤᠶᠠᠷ ᠢ ᠬᠥᠩᠭᠡᠷᠡᠭᠦᠯᠬᠦ ᠲᠥᠷᠥ ᠶᠢᠨ | ᠪᠣᠳᠣᠯᠭ᠎ᠠ︾ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠢᠳᠡᠪᠬᠢᠲᠡᠶ ᠠᠬᠢᠭᠤᠯᠵᠤ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ 4490 ᠶᠢ ᠵᠢᠭᠰᠠᠭᠠᠨ ᠪᠠᠶᠢᠴᠠᠭᠠᠵᠤ᠂ ᠭᠡᠷᠡᠴᠢ ᠦᠨᠡᠮᠯᠡᠯ ᠪᠦᠷᠢᠨ | ᠪᠤᠰᠤ ᠪᠥᠭᠡᠳ ᠲᠣᠭᠲᠠᠭᠠᠯ ᠠᠴᠠ ᠵᠥᠷᠢᠴᠡᠭᠰᠡᠨ ᠪᠠᠶᠢᠭᠤᠯᠤᠮᠵᠢ 53᠂ ᠬᠤᠪᠢ ᠬᠥᠮᠦᠨ ᠤ ᠨᠡᠷ᠎ᠡ ᠪᠠᠷ | ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠬᠢᠭᠰᠡᠨ 96 ᠬᠥᠮᠦᠨ ᠢ ᠪᠠᠶᠢᠴᠠᠭᠠᠨ | ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠬᠦᠴᠦᠲᠡᠶ ᠬᠠᠮᠠᠭᠠᠯᠠᠪᠠ᠃ ᠤᠯᠠᠭᠠᠨᠬᠠᠳᠠ ᠳᠡᠭᠡᠳᠦ | ᠰᠤᠷᠭᠠᠭᠤᠯᠢ ᠪᠥᠬᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ 1799 ᠨᠠᠮ ᠤᠨ ᠭᠡᠰᠢᠭᠦᠨ ᠢ ᠵᠣᠬᠢᠶᠠᠨ | ᠪᠠᠶᠢᠭᠤᠯᠵᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠠᠰᠠᠭᠤᠳᠠᠯ ᠤᠨ ᠢᠯᠡᠷᠡᠯ᠂ ᠬᠤᠤᠷ ᠬᠥᠨᠥᠭᠡᠯ᠂ ᠪᠣᠶ ᠪᠣᠯᠤᠭᠰᠠᠨ ᠰᠢᠯᠲᠠᠭᠠᠨ ᠢ ᠪᠠᠶᠢᠴᠠᠭᠠᠬᠤ ᠪᠠ | ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ︽ᠭᠤᠷᠪᠠ ᠶᠢ ᠪᠠᠶᠢᠴᠠᠭᠠᠵᠤ ᠨᠢᠭᠡ ᠶᠢ ᠲᠣᠭᠲᠠᠭᠠᠬᠤ︾ ᠠᠷᠭ᠎ᠠ | ᠬᠡᠯᠪᠡᠷᠢ ᠪᠠᠷ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠬᠤᠪᠢ ᠬᠥᠮᠦᠨ ᠤ ᠠᠰᠠᠭᠤᠳᠠᠯ 2350 ᠶᠢ | ᠪᠠᠶᠢᠴᠠᠭᠠᠨ ᠭᠠᠷᠭᠠᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ 2455 ᠵᠤᠷᠪᠤᠰ ᠲᠣᠭᠲᠠᠭᠠᠪᠠ᠃ | ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ︽3 +x︾ ᠤᠨ ᠠᠷᠭ᠎ᠠ ᠬᠡᠯᠪᠡᠷᠢ ᠪᠠᠷ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ | ᠪᠠᠶᠢᠩᠭᠤᠵᠢᠭᠤᠯᠤᠨ ᠰᠢᠢᠳᠪᠦᠷᠢᠯᠡᠵᠦ᠂ ᠲᠥᠪᠯᠡᠷᠡᠭᠦᠯᠦᠨ ᠵᠠᠰᠠᠵᠤ ᠪᠠᠶᠢᠭ᠎ᠠ ᠪᠠᠶᠢᠳᠠᠯ ᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ | ᠰᠢᠯᠭᠠᠬᠤ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠭᠤᠷᠪᠠᠨ ᠵᠦᠢᠯ ᠤᠨ ᠵᠢᠯ ᠤᠨ ᠰᠢᠯᠭᠠᠨ ᠦᠨᠡᠯᠡᠬᠦ | ᠠᠵᠢᠯ ᠳᠤ ᠣᠷᠣᠭᠤᠯᠵᠤ᠂ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠰᠢᠯᠭᠠᠨ ᠪᠠᠶᠢᠴᠠᠭᠠᠬᠤ᠂ ᠰᠡᠳᠬᠢᠯ ᠤᠨ | ᠦᠭᠡ ᠪᠠᠨ ᠶᠠᠷᠢᠯᠴᠠᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠠᠰᠠᠭᠤᠳᠠᠯ ᠢ ᠢᠯᠡᠷᠡᠭᠦᠯᠵᠦ᠂ ᠪᠠᠶᠢᠴᠠᠭᠠᠨ ᠭᠠᠷᠭᠠᠭᠰᠠᠨ ᠪᠠ ᠰᠢᠢᠳᠪᠦᠷᠢᠯᠡᠪᠡ᠃ | ᠪᠠᠶᠢᠩᠭᠤ ᠶᠢᠨ ᠳᠠᠭᠠᠭᠠᠮᠠᠭᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠳᠡᠭᠡᠷ᠎ᠡ ᠬᠦᠴᠦ ᠲᠠᠯᠪᠢᠪᠠ᠃ ᠨᠢᠭᠡ ᠲᠠᠯ᠎ᠠ ᠪᠠᠷ᠂ ᠠᠮᠠᠯᠠᠯᠲᠠ ᠪᠠᠨ ᠪᠣᠳᠠᠲᠠᠶᠢᠵᠢᠭᠤᠯᠵᠤ ᠠᠮᠠᠯᠠᠯᠲᠠ ᠪᠠᠨ | ᠪᠡᠶᠡᠯᠡᠭᠦᠯᠪᠡ᠃ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ 2 . 2 ᠲᠦᠮᠡ ᠭᠠᠷᠤᠶ ᠨᠠᠮ ᠤᠨ | ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠳᠠᠶᠢᠴᠢᠯᠠᠵᠤ ︽ᠠᠷᠪᠠᠨ ᠨᠢᠭᠡ ᠶᠢ ᠴᠢᠩᠭ᠎ᠠ ᠬᠤᠷᠢᠭᠯᠠᠬᠤ︾ ᠠᠮᠠᠯᠠᠯᠲᠠ ᠶᠢᠨ | ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠠᠮᠠᠯᠠᠯᠲᠠ ᠬᠢᠬᠦ᠂ ᠠᠮᠠᠯᠠᠯᠲᠠ ᠪᠠᠨ ᠭᠦᠢᠴᠡᠳᠭᠡᠬᠦ᠂ | ᠠᠮᠠᠯᠠᠯᠲᠠ ᠶᠢ ᠦᠨᠡᠯᠡᠬᠦ ᠵᠡᠷᠭᠡ ᠰᠢᠷᠢᠰ ᠠᠷᠭ᠎ᠠ ᠬᠡᠮᠵᠢᠶ᠎ᠡ ᠪᠠᠷ ᠠᠮᠠᠯᠠᠭᠰᠠᠨ ᠵᠦᠢᠯ ᠢ ᠪᠣᠳᠠᠲᠠᠶᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠵᠤ᠂ ᠥᠪᠡᠷ ᠢ ᠪᠠᠨ ᠴᠢᠩᠭ᠎ᠠ ᠪᠠᠷᠢᠬᠤ ᠪᠠᠷ ᠳᠠᠮᠵᠢᠭᠤᠯᠤᠨ ᠨᠠᠮ ᠤᠨ ᠳᠣᠲᠣᠭᠠᠳᠤ | ᠶᠢᠨ ᠤᠯᠤᠰ ᠲᠥᠷᠥ ᠶᠢᠨ ᠠᠮᠢᠳᠤᠷᠠᠯ ᠢ ᠳᠦᠷᠢᠮᠵᠢᠭᠦᠯᠪᠡ᠃ ᠨᠦᠬᠦᠭᠡ ᠲᠠᠯ᠎ᠠ ᠪᠠᠷ᠂ ᠭᠤᠣᠯ ᠠᠵᠢᠯ ᠤᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠲᠥᠪᠯᠡᠷᠡᠭᠦᠯᠦᠨ | ᠵᠠᠰᠠᠭᠰᠠᠨ ᠦᠷ᠎ᠡ ᠪᠦᠲᠦᠭᠡᠯ ᠢ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠬᠡᠷᠡᠭᠯᠡᠪᠡ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠶᠢ ᠠᠷᠠᠳ ᠣᠯᠠᠨ ᠳᠤ ᠪᠣᠳᠠᠲᠤ | ᠠᠵᠢᠯ ᠬᠢᠵᠦ ᠥᠭᠬᠦ ᠴᠢᠬᠤᠯᠠ ᠵᠦᠢᠯ ᠪᠣᠯᠭᠠᠵᠤ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠳ᠋ᠠ ᠶᠠᠩ ᠱᠦ ᠪᠠᠯᠭᠠᠰᠤᠨ ᠳᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠴᠡᠭ ᠢ ᠠᠩᠬ᠎ᠠ ᠪᠠᠶᠢᠭᠤᠯᠤᠭᠰᠠᠨ ᠨᠢ ᠲᠤᠬᠠᠶ ᠶᠢᠨ ᠭᠠᠵᠠᠷ ᠤᠨ | ᠰᠢᠯᠭᠠᠭᠤᠯᠤᠭᠰᠠᠳ ᠤᠨ 34 ᠵᠢᠯ ︽ᠤᠨᠳᠤᠤ ᠭᠠᠵᠠᠷ ᠲᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠪᠥᠬᠦ ᠤᠯᠤᠰ ᠤᠨ ᠨᠢᠭᠡᠳᠦᠯᠲᠡᠶ ᠰᠢᠯᠭᠠᠯᠲᠠ︾ ᠳᠤ ᠣᠷᠣᠯᠴᠠᠭᠰᠠᠨ ᠲᠡᠦᠬᠡ ᠶᠢ ᠡᠴᠦᠰᠯᠡᠭᠦᠯᠵᠦ᠂ ᠪᠥᠬᠦ ᠤᠯᠤᠰ ᠤᠨ | ᠴᠣᠷᠢ ᠶᠢᠨ ᠭᠠᠭᠴᠠ ︽ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠲᠤᠰᠬᠠᠶ ᠭᠠᠯᠲᠤ ᠲᠡᠷᠭᠡ︾ ᠶᠢ ᠲᠡᠦᠬᠡ ᠶᠢᠨ ᠲᠠᠪᠴᠠᠩ ᠠᠴᠠ ᠭᠠᠷᠭᠠᠪᠠ᠃ ︽ᠢᠨᠲ᠋ᠧᠷ | ᠰᠦᠯᠵᠢᠶ᠎ᠡ+ᠰᠤᠷᠭᠠᠨ ᠬᠥᠮᠦᠵᠢᠯ︾ ᠤᠨ ᠲᠠᠪᠴᠠᠩ ᠤᠨ ᠪᠠᠶᠢᠭᠤᠯᠤᠯᠲᠠ ᠪᠠᠷ ᠲᠣᠬᠢᠶᠠᠯ ᠪᠣᠯᠭᠠᠵᠤ᠂ ᠰᠤᠷᠭᠠᠨ | ᠬᠥᠮᠦᠵᠢᠯ ᠤᠨ ᠵᠠᠰᠠᠭ ᠤᠨ ᠶᠠᠪᠤᠳᠠᠯ ᠢ ᠦᠢᠯᠡᠴᠢᠯᠡᠭᠡᠨ ᠤ ᠲᠢᠩᠬᠢᠮ ᠳᠤ ᠭᠦᠢᠴᠡᠳᠭᠡᠬᠦ᠂ ᠰᠦᠯᠵᠢᠶᠡᠨ ᠳᠤ | ᠭᠦᠢᠴᠡᠳᠭᠡᠬᠦ᠂ ᠠᠯᠠᠭᠠᠨ ᠳᠤ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠢᠳᠡᠪᠬᠢᠲᠡᠶ ᠠᠬᠢᠭᠤᠯᠵᠤ᠂ | ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠣᠷᠣᠬᠤ᠂ ᠬᠢᠷᠢ ᠪᠦᠲᠦᠮᠵᠢ ᠶᠢ ᠭᠡᠷᠡᠴᠢᠯᠡᠬᠦ ᠵᠡᠷᠭᠡ | ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠢᠰᠲ᠋ᠧᠮ ᠲᠤ ᠬᠤᠷᠠᠮᠳᠤᠭᠤᠯᠤᠨ ᠦᠢᠯᠡᠴᠢᠯᠡᠭᠡ ᠥᠷᠨᠢᠭᠦᠯᠵᠦ᠂ ᠣᠯᠠᠨ | ᠨᠡᠶᠢᠲᠡ ᠶᠢᠨ ᠦᠢᠯᠡᠴᠢᠯᠡᠭᠡᠨ ᠤ 11 ᠵᠦᠢᠯ ᠢ ︽ᠮᠥᠩᠬᠡ ᠰᠤᠪᠠᠭ︾ ᠲᠠᠪᠴᠠᠩ ᠳᠤ ᠬᠤᠯᠪᠤᠵᠤ᠂ 360 ᠭᠠᠷᠤᠶ | ᠲᠦᠮᠡᠨ ᠤᠳᠠᠭ᠎ᠠ ᠪᠠᠶᠢᠴᠠᠭᠠᠨ ᠯᠠᠪᠯᠠᠪᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠠᠴᠠ ᠲᠦᠷᠦᠭᠦᠯᠡᠨ ᠬᠢᠭᠰᠡᠨ ᠰᠠᠭᠤᠷᠢᠨ ᠳᠡᠭᠡᠷ᠎ᠡ᠂ | ᠶᠠᠭᠤ ᠶᠢ ᠠᠮᠠᠯᠠᠬᠤ᠂ ᠶᠠᠭᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠶᠠᠭᠠᠬᠢᠵᠤ | ᠠᠳᠬᠤᠬᠤ ᠵᠡᠷᠭᠡ ᠠᠰᠠᠭᠤᠳᠠᠯ ᠤᠨ ᠲᠣᠭᠤᠷᠢᠨ ᠳᠤ ︽ᠠᠷᠪᠠᠨ ᠨᠢᠭᠡ ᠶᠢ ᠴᠢᠩᠭ᠎ᠠ ᠬᠤᠷᠢᠭᠯᠠᠬᠤ︾᠂ ᠠᠮᠠᠯᠠᠯᠲᠠ ᠶᠢᠨ | ᠲᠥᠯᠥᠪᠯᠡᠭᠡ ᠶᠢ ᠶᠠᠷᠢᠯᠴᠠᠬᠤ᠂ ᠭᠠᠷ ᠤᠨ ᠥᠰᠥᠭ ᠵᠢᠷᠤᠬᠤ ᠵᠡᠷᠭᠡ ᠠᠷᠭ᠎ᠠ ᠬᠡᠯᠪᠡᠷᠢ ᠪᠠᠷ ᠠᠮᠠᠯᠠᠯᠲᠠ ᠬᠢᠵᠦ | ᠠᠮᠠᠯᠠᠯᠲᠠ ᠪᠠᠨ ᠦᠢᠯᠡᠳᠦᠯᠭᠡᠵᠢᠭᠦᠯᠵᠦ᠂ ᠠᠮᠠᠯᠠᠯᠲᠠ ᠬᠢᠪᠡᠯ ᠵᠠᠪᠠᠯ ᠦᠢᠯᠡᠳᠦᠯᠭᠡᠵᠢᠭᠦᠯᠵᠦ᠂ ᠠᠮᠠᠯᠠᠯᠲᠠ ᠪᠠᠨ | ᠵᠥᠷᠢᠴᠡᠪᠡᠯ ᠵᠠᠪᠠᠯ ᠨᠡᠬᠡᠮᠵᠢᠯᠡᠬᠦ ᠪᠢᠲᠡᠭᠦᠦ ᠬᠡᠯᠬᠢᠶ᠎ᠡ ᠶᠢ ᠪᠠᠶᠢᠭᠤᠯᠪᠠ᠃ ᠥᠪᠥᠷ ᠮᠣᠩᠭᠤᠯ ᠤᠨ ᠠᠨᠠᠭᠠᠬᠤ ᠤᠬᠠᠭᠠᠨ ᠤ | ᠶᠡᠭᠡ ᠰᠤᠷᠭᠠᠭᠤᠯᠢ ᠲᠥᠪᠯᠡᠷᠡᠭᠦᠯᠦᠨ ᠵᠠᠰᠠᠬᠤ ᠪᠠ ᠰᠤᠷᠭᠠᠭᠤᠯᠢ ᠶᠢᠨ ᠡᠭᠦᠷᠭᠡ ᠴᠢᠳᠠᠮᠵᠢ ᠶᠢ ᠣᠷᠭᠠᠨᠢᠭ ᠢᠶᠠᠷ | ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠡᠷᠡᠭᠦᠯ ᠡᠩᠬᠡ ᠬᠠᠮᠲᠤ | ᠰᠤᠷᠤᠭᠴᠢᠳ ᠤᠨ ᠬᠠᠷᠢᠴᠠᠭ᠎ᠠ ᠶᠢ ᠪᠠᠶᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠵᠤ᠂ | ᠰᠤᠷᠭᠠᠭᠤᠯᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ | ᠲᠣᠭᠤᠷᠢᠨ ᠳᠤ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠰᠠᠬᠤ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠡᠭᠦᠷᠭᠡ ᠶᠢ | ᠴᠢᠨᠠᠷᠯᠢᠭ ᠪᠡᠶᠡᠯᠡᠭᠦᠯᠬᠦ ᠶᠢ ᠠᠬᠢᠭᠤᠯᠪᠠ᠃ | | |