ᠱᠦᠵᠢ᠂ ᠵᠠᠬᠢᠷᠤᠯ ᠵᠡᠷᠭᠡ ᠪᠠᠷ ᠬᠤᠰᠢᠭᠤᠷᠠᠵᠤ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2022/6/17
     3 ᠰᠠᠷ᠎ᠠ ᠠᠴᠠ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠱᠦᠵᠢ᠂ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠵᠤ᠂ ᠠᠵᠢᠯ ᠤᠨ ᠪᠠᠶᠢᠷᠢ ᠶᠢ ᠥᠷᠭᠡᠳᠭᠡᠵᠦ ᠠᠵᠢᠯ ᠣᠯᠭᠤᠯᠲᠠ ᠶᠢ ᠠᠬᠢᠭᠤᠯᠬᠤ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠠᠴᠠ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠲᠢᠩᠬᠢᠮ ᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠦᠯᠬᠦᠮ ᠳᠠᠭᠠᠭᠤᠯᠤᠨ᠂ ᠳᠡᠭᠡᠳᠦ ᠰᠤᠷᠭᠠᠭᠤᠯᠢ ᠶᠢᠨ ᠱᠦᠵᠢ᠂ ᠵᠠᠬᠢᠷᠤᠯ ᠢ ᠵᠣᠬᠢᠶᠠᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠭᠤᠣᠯᠳᠠᠯᠭᠠᠲᠠᠢ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠣᠳᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠲᠠᠢ ᠬᠠᠮᠲᠤᠷᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠶᠢ ᠭᠤᠷᠪᠠ ᠤᠳᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠭᠠᠵᠠᠷ ᠤᠨ ᠳᠠᠷᠤᠭ᠎ᠠ ᠶᠢ ᠵᠣᠬᠢᠶᠠᠨ ᠪᠠᠶᠢᠭᠤᠯᠵᠤ᠂ ᠪᠤᠭᠤᠲᠤ ᠬᠤᠲᠠ ᠶᠢᠨ ᠬᠡᠷᠡᠯ ᠴᠡᠨᠡᠭ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠦᠵᠡᠵᠦ᠂ ᠬᠡᠷᠡᠭᠴᠡᠭᠡ ᠶᠢ ᠣᠷᠣᠨ ᠨᠤᠲᠤᠭ ᠠᠴᠠ ᠠᠰᠠᠭᠤᠵᠤ᠂ ᠠᠵᠢᠯ ᠤᠨ ᠪᠠᠶᠢᠷᠢ ᠶᠢ ᠠᠵᠤ ᠠᠬᠤᠶᠢᠯᠠᠯ ᠠᠴᠠ ᠰᠤᠷᠠᠭᠯᠠᠵᠤ᠂ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷᠯᠢᠭ ᠠᠵᠢᠯ ᠣᠯᠭᠤᠯᠲᠠ ᠶᠢ ᠠᠬᠢᠭᠤᠯᠪᠠ᠃ ᠡᠭᠦᠨ ᠤ ᠬᠠᠮᠲᠤ ᠣᠷᠣᠨ ᠤ ᠳᠣᠲᠣᠷᠠᠬᠢ ᠡᠯ᠎ᠡ ᠳᠡᠭᠡᠳᠦ ᠰᠤᠷᠭᠠᠭᠤᠯᠢ ᠶᠢᠨ ᠱᠦᠵᠢ᠂ ᠵᠠᠬᠢᠷᠤᠯ ᠴᠤ ᠢᠳᠡᠪᠬᠢᠲᠡᠶ ᠬᠥᠳᠡᠯᠦᠯᠴᠡᠵᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠬᠤ ᠠᠵᠢᠯ ᠤᠨ ᠪᠠᠶᠢᠷᠢ ᠶᠢ  ᠴᠤᠭᠯᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠢᠯᠡᠳᠲᠡ ᠦᠷ᠎ᠡ ᠪᠦᠲᠦᠮᠵᠢ ᠤᠯᠪᠠ᠃

     ᠠᠵᠢᠯ ᠤᠨ ᠪᠠᠶᠢᠷᠢ ᠶᠢᠨ ᠴᠤᠭᠯᠠᠭᠤᠯᠭ᠎ᠠ ᠶᠢᠨ ᠲᠤᠭ᠎ᠠ

     ᠡᠯ᠎ᠡ ᠳᠡᠭᠡᠳᠦ ᠰᠤᠷᠭᠠᠭᠤᠯᠢ ᠶᠢᠨ ᠬᠢᠨ ᠠᠵᠤ ᠠᠬᠤᠶᠢᠯᠠᠯ ᠢ ᠰᠤᠷᠪᠤᠯᠵᠢᠯᠠᠨ᠂ ᠠᠵᠢᠯ ᠤᠨ ᠪᠠᠶᠢᠷᠢ ᠶᠢ

ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠶᠠᠪᠤᠴᠠ ᠳᠤ ᠠᠵᠢᠯ ᠣᠯᠭᠤᠬᠤ ᠠᠵᠢᠯ ᠤᠨ

ᠪᠠᠶᠢᠷᠢ ᠶᠢ ᠨᠡᠭᠡᠭᠡᠬᠦ ᠪᠣᠯ ᠭᠤᠣᠯᠳᠠᠯᠭᠠᠲᠠᠢ ᠡᠭᠦᠷᠭᠡ ᠪᠣᠯᠤᠨ᠎ᠠ᠃ ᠣᠳᠣ ᠪᠣᠯᠲᠠᠯ᠎ᠠ᠂ ᠪᠥᠬᠦ ᠣᠷᠣᠨ ᠳᠤ ᠨᠢᠭᠡᠨᠲᠡ 54

ᠳᠡᠭᠡᠳᠦ ᠰᠤᠷᠭᠠᠭᠤᠯᠢ ᠶᠢᠨ ᠱᠦᠵᠢ᠂ ᠵᠠᠬᠢᠷᠤᠯ ᠤᠷᠢᠳ ᠬᠤᠵᠢᠳ 1749 ᠬᠥᠮᠦᠨ ᠬᠡᠷᠡᠭᠯᠡᠬᠦ ᠨᠢᠭᠡᠴᠢ ᠳᠤ ᠬᠦᠷᠴᠦ᠂

ᠲᠡᠭᠦᠰᠦᠭᠰᠡᠳ ᠲᠤ 14 . 16 ᠲᠦᠮᠡᠨ ᠰᠢᠨ᠎ᠡ ᠠᠵᠢᠯ ᠤᠨ ᠪᠠᠶᠢᠷᠢ ᠶᠢ ᠬᠠᠩᠭᠠᠪᠠ᠃

     4 ᠰᠠᠷ᠎ᠠ ᠶᠢᠨ 10 ᠤ ᠡᠳᠦᠷ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠳ᠋ᠠ ᠴᠢᠤᠸᠠᠨ ᠪᠦᠯᠦᠭᠯᠡᠯ ᠳᠤ 400 ᠠᠵᠢᠯ ᠤᠨ ᠪᠠᠶᠢᠷᠢ ᠶᠢ ᠥᠷᠭᠡᠳᠭᠡᠪᠡ᠃

     4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ

ᠰᠤᠷᠭᠠᠭᠤᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠬᠦᠷᠢᠶᠡᠯᠡᠩ ᠳᠤ ᠬᠠᠷᠢᠶᠠᠯᠠᠭᠳᠠᠬᠤ ᠬᠤᠯᠪᠤᠭᠳᠠᠬᠤ ᠠᠵᠤ ᠠᠬᠤᠶᠢᠯᠠᠯ ᠳᠤ 60 ᠭᠠᠷᠤᠶ

ᠠᠵᠢᠯ ᠤᠨ ᠪᠠᠶᠢᠷᠢ ᠶᠢ ᠥᠷᠭᠡᠳᠭᠡᠪᠡ᠃

     4 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠥᠪᠥᠷ ᠮᠣᠩᠭᠤᠯ ᠤᠨ ᠲᠢᠶᠠᠨ ᠮᠥ ᠠᠵᠤ ᠦᠢᠯᠡᠰ ︵ᠪᠦᠯᠦᠭᠯᠡᠯ︶ ᠤᠨ ᠬᠤᠪᠢ

ᠣᠷᠣᠭᠤᠯᠤᠭᠰᠠᠨ ᠬᠢᠵᠠᠭᠠᠷᠲᠤ ᠺᠣᠮᠫᠠᠨᠢ ᠳᠤ 163 ᠠᠵᠢᠯ ᠤᠨ ᠪᠠᠶᠢᠷᠢ ᠶᠢ ᠢᠯᠡᠷᠡᠭᠦᠯᠪᠡ᠃

     4 ᠰᠠᠷ᠎ᠠ ᠶᠢᠨ 24 ᠤ ᠡᠳᠦᠷ᠂ ᠪᠣᠷᠣᠲᠣᠬᠤᠶ ᠳᠡᠭᠡᠳᠦ ᠰᠤᠷᠭᠠᠭᠤᠯᠢ ᠥᠪᠥᠷ ᠮᠣᠩᠭᠤᠯ ᠤᠨ ᠯᠢ ᠭᠠᠩ

ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠤᠨ ᠮᠧᠩ ᠴᠢᠶᠠᠩ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠳᠤ ᠳᠠᠳᠤᠯᠭ᠎ᠠ ᠬᠢᠬᠦ ᠪᠠ ᠠᠵᠢᠯ

ᠣᠯᠭᠤᠵᠤ ᠠᠵᠢᠯ ᠤᠨ ᠪᠠᠶᠢᠷᠢ 20 ᠭᠠᠷᠤᠶ ᠶᠢ ᠥᠷᠭᠡᠳᠭᠡᠪᠡ᠃

     4 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠬᠥᠬᠡᠬᠤᠲᠠ ᠳᠠᠬᠢ

ᠶᠡᠷᠦᠩᠬᠡᠶ ᠬᠡᠯᠲᠡᠰ ᠤᠨ ᠠᠵᠤ ᠠᠬᠤᠶ ᠶᠢᠨ ᠲᠣᠮᠣ ᠠᠰᠠᠷ ᠲᠤ 412 ᠠᠵᠢᠯ ᠤᠨ ᠪᠠᠶᠢᠷᠢ ᠶᠢ ᠢᠯᠡᠷᠡᠭᠦᠯᠪᠡ᠃

     4 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠲᠣᠭᠤᠷᠢᠭ ᠲᠤ

ᠰᠠᠭᠤᠭ᠎ᠠ ᠠᠵᠤ ᠠᠬᠤᠶᠢᠯᠠᠯ ᠤᠨ ᠰᠦᠯᠵᠢᠶᠡᠨ ᠳᠠᠬᠢ ᠵᠠᠰᠠᠭ ᠵᠠᠬᠢᠷᠭ᠎ᠠ᠂ ᠰᠤᠷᠭᠠᠭᠤᠯᠢ᠂ ᠠᠵᠤ ᠠᠬᠤᠶᠢᠯᠠᠯ ᠤᠨ

ᠬᠠᠮᠲᠤᠷᠠᠯᠴᠠᠭᠠᠨ ᠤ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠰᠤᠷᠭᠠᠭᠤᠯᠢ ᠨᠢ ᠨᠡᠭᠡᠭᠡᠯᠲᠡᠲᠦ ᠣᠷᠣᠨ ᠤ

ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ᠂ ᠬᠠᠮᠲᠤᠷᠠᠨ ᠠᠵᠢᠯᠯᠠᠬᠤ ᠠᠵᠤ ᠠᠬᠤᠶᠢᠯᠠᠯ 8 ᠶᠢ ᠰᠢᠨ᠎ᠡ ᠪᠠᠷ

ᠥᠷᠭᠡᠳᠭᠡᠵᠦ᠂ 2000 ᠭᠠᠷᠤᠶ ᠠᠵᠢᠯ ᠤᠨ ᠪᠠᠶᠢᠷᠢ ᠶᠢ ᠢᠯᠡᠷᠡᠭᠦᠯᠪᠡ᠃

     4 ᠰᠠᠷ᠎ᠠ ᠶᠢᠨ 27 ᠤ ᠡᠳᠦᠷ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠦᠩ ᠵᠢᠶ

ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠵᠥᠩ ᠴᠧ ᠪᠥᠯᠦᠭᠯᠡᠯ ᠤᠨ ᠵᠦ ᠵᠧᠤ ᠴᠠᠭ ᠦᠶ᠎ᠡ ᠶᠢᠨ

ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠳᠤ ᠠᠵᠢᠯ ᠤᠨ ᠪᠠᠶᠢᠷᠢ 932 ᠢ ᠢᠯᠡᠷᠡᠭᠦᠯᠪᠡ᠃

     4 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠬᠥᠬᠡᠬᠤᠲᠠ ᠶᠢᠨ ᠲᠣᠮᠣ

ᠳ᠋ᠠᠶᠢᠲ᠋ᠠ ᠶᠢᠨ ᠠᠵᠤ ᠦᠢᠯᠡᠰ ᠤᠨ ᠬᠤᠯᠪᠤᠭᠠᠨ ᠤ 15 ᠠᠵᠤ ᠠᠬᠤᠶᠢᠯᠠᠯ ᠳᠤ 325 ᠠᠵᠢᠯ ᠤᠨ ᠪᠠᠶᠢᠷᠢ ᠶᠢ

ᠥᠷᠭᠡᠳᠭᠡᠪᠡ᠃

     4 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠹᠧᠩᠵᠧᠦ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠬᠥᠬᠡᠬᠤᠲᠠ ᠳᠡᠭᠡᠳᠦ ᠰᠤᠷᠭᠠᠭᠤᠯᠢ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ

ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠠᠶᠢᠴᠠᠭᠠᠨ ᠰᠣᠳᠤᠯᠵᠤ᠂ ᠳᠡᠭᠡᠳᠦ ᠰᠤᠷᠭᠠᠭᠤᠯᠢ

ᠲᠡᠭᠦᠰᠦᠭᠰᠡᠳ ᠲᠤ 200 ᠭᠠᠷᠤᠶ ᠠᠵᠢᠯ ᠤᠨ ᠪᠠᠶᠢᠷᠢ ᠶᠢ ᠥᠷᠭᠡᠳᠭᠡᠵᠦ ᠥᠭᠪᠡ᠃

     4 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠣᠯᠤᠨ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠠᠶᠢᠯᠳᠤᠬᠤ

ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠢ ᠶᠠᠪᠤᠭᠤᠯᠵᠤ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠳᠣᠪᠴᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠳᠡᠭᠡᠳᠦ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 71 ᠠᠵᠤ ᠠᠬᠤᠶᠢᠯᠠᠯ ᠣᠷᠣᠵᠤ ᠰᠠᠭᠤᠭᠠᠳ᠂ ᠰᠤᠷᠭᠠᠭᠤᠯᠢ ᠳᠤ

1000 ᠰᠢᠬᠠᠮ ᠠᠵᠢᠯ ᠤᠨ ᠪᠠᠶᠢᠷᠢ ᠶᠢ ᠬᠠᠩᠭᠠᠪᠠ᠃

     4 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠤᠷᠠᠨ ᠵᠢᠷᠤᠭ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠲᠤ ᠬᠦᠷᠴᠦ

︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾

ᠲᠤᠰᠬᠠᠶ ᠠᠵᠢᠯᠯᠠᠭ᠎ᠠ ᠶᠢ ᠥᠷᠨᠢᠭᠦᠯᠵᠦ᠂ ᠳᠠᠳᠤᠯᠭ᠎ᠠ ᠶᠢᠨ ᠠᠵᠢᠯ ᠤᠨ ᠪᠠᠶᠢᠷᠢ 30 ᠶᠢ ᠢᠯᠡᠷᠡᠭᠦᠯᠪᠡ᠃

     5 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠳᠣᠪᠴᠢᠶᠠᠨ ᠤ ᠤᠯᠠᠭᠠᠨᠬᠠᠳᠠ ᠲᠡᠮᠦᠷ

ᠵᠠᠮ ᠤᠨ ᠺᠣᠮᠫᠠᠨᠢ ᠯᠤᠭ᠎ᠠ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ᠬᠠᠮᠲᠤᠷᠠᠯᠴᠠᠭᠠᠨ ᠤ ᠪᠠᠶᠢᠩᠭᠤ ᠶᠢᠨ

ᠲᠣᠭᠲᠠᠴᠠ ᠶᠢ ᠪᠠᠶᠢᠭᠤᠯᠵᠤ᠂ ᠲᠤᠰᠬᠠᠶ ᠮᠡᠷᠭᠡᠵᠢᠯ ᠪᠣᠯᠤᠨ ᠠᠵᠤ ᠦᠢᠯᠡᠰ ᠢ ᠵᠣᠯᠭᠠᠭᠤᠯᠬᠤ᠂ ᠰᠤᠷᠭᠠᠭᠤᠯᠢ ᠪᠠ ᠠᠵᠤ

ᠠᠬᠤᠶᠢᠯᠠᠯ ᠢ ᠠᠭᠤᠰᠬᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤ ᠪᠠᠷ ᠬᠥᠭᠵᠢᠬᠦ

ᠬᠠᠮᠲᠤᠷᠠᠯᠴᠠᠭᠠᠨ ᠤ ᠰᠠᠨᠠᠮᠵᠢ ᠶᠢ ᠳᠣᠭᠢᠷᠠᠭᠤᠯᠤᠭᠰᠠᠨ ᠪᠥᠭᠡᠳ ᠲᠤᠰ ᠰᠤᠷᠭᠠᠭᠤᠯᠢ ᠶᠢᠨ 2022 ᠣᠨ ᠳᠤ

ᠲᠡᠭᠦᠰᠦᠭᠰᠡᠳ ᠲᠤ ᠪᠤᠬ᠎ᠠ ᠲᠡᠷᠭᠡ ᠵᠢᠯᠣᠭᠤᠳᠬᠤ ᠠᠵᠢᠯ ᠤᠨ ᠪᠠᠶᠢᠷᠢ 20 ᠶᠢ ᠬᠠᠩᠭᠠᠪᠠ᠃

     5 ᠰᠠᠷ᠎ᠠ ᠶᠢᠨ 7 ᠤ ᠡᠳᠦᠷ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠤᠯᠠᠭᠠᠨᠬᠠᠳᠠ ᠶᠢᠨ ᠰᠦᠩᠱᠠᠨ ᠮᠡᠳᠡᠭᠡ ᠵᠠᠩᠭᠢ ᠶᠢᠨ ᠲᠣᠭᠠᠵᠢᠭᠤᠯᠤᠭᠰᠠᠨ ᠡᠭᠦᠳᠦᠯᠲᠡ ᠶᠢᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠵᠤ ᠠᠬᠤᠶᠢᠯᠠᠯ ᠢ

ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ 9 ᠠᠵᠤ ᠠᠬᠤᠶᠢᠯᠠᠯ ᠢ

ᠰᠤᠷᠪᠤᠯᠵᠢᠯᠠᠵᠤ᠂ ᠣᠶᠤᠨᠴᠢ ᠦᠢᠯᠡᠳᠬᠦ ᠦᠢᠯᠡᠰ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠬᠤᠯᠪᠤᠭᠳᠠᠬᠤ ᠲᠤᠰᠬᠠᠶ

ᠮᠡᠷᠭᠡᠵᠢᠯ ᠠᠴᠠ ᠲᠡᠭᠦᠰᠦᠭᠰᠡᠳ ᠲᠤ ᠠᠵᠢᠯ ᠤᠨ ᠪᠠᠶᠢᠷᠢ ᠶᠢ 240 ᠥᠷᠭᠡᠳᠭᠡᠵᠦ ᠥᠭᠪᠡ᠃

     5 ᠰᠠᠷ᠎ᠠ ᠶᠢᠨ 9 ᠤ ᠡᠳᠦᠷ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠬᠠᠶᠢᠯᠠᠷ

ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠯᠥᠨ ᠪᠤᠶᠢᠷ ᠬᠤᠲᠠ ᠶᠢᠨ ᠾᠥᠸᠧ ᠸᠠᠩ

ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠬᠥᠯᠥᠨ ᠪᠤᠶᠢᠷ ᠬᠤᠲᠠ ᠶᠢᠨ ᠯᠢ

ᠸᠧᠶ ᠰᠦᠯᠵᠢᠶᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ ᠬᠥᠮᠦᠨ ᠬᠡᠷᠡᠭᠯᠡᠬᠦ ᠨᠢᠭᠡᠴᠢ ᠲᠠᠢ ᠠᠵᠤ

ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ ᠬᠡᠯᠡᠯᠴᠡᠭᠡᠷ ᠤᠨ ᠬᠤᠷᠠᠯ ᠬᠢᠵᠦ᠂ 2022

ᠣᠨ ᠤ ᠲᠡᠭᠦᠰᠦᠭᠰᠡᠳ ᠲᠤ 129 ᠠᠵᠢᠯ ᠤᠨ ᠪᠠᠶᠢᠷᠢ ᠶᠢ ᠢᠯᠡᠷᠡᠭᠦᠯᠵᠦ ᠥᠭᠪᠡ᠃

     5 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ ᠪᠣᠯᠤᠨ ᠥᠪᠥᠷ ᠮᠣᠩᠭᠤᠯ ᠤᠨ ᠳ᠋ᠠ ᠴᠢᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠬᠡᠯᠡᠯᠴᠡᠭᠡᠷ

ᠬᠢᠵᠦ᠂ ᠬᠤᠶᠠᠷ ᠲᠠᠯ᠎ᠠ ᠪᠠᠷ ᠢᠶᠠᠨ ᠲᠡᠭᠦᠰᠦᠭᠰᠡᠳ ᠤᠨ ᠠᠵᠢᠯ ᠣᠯᠭᠤᠯᠲᠠ ᠶᠢᠨ ᠪᠠᠶᠢᠳᠠᠯ᠂ ᠴᠢᠳᠠᠪᠤᠷᠢᠲᠠᠨ ᠢ

ᠬᠥᠮᠦᠵᠢᠭᠦᠯᠬᠦ᠂ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ᠂ ᠰᠤᠷᠭᠠᠭᠤᠯᠢ ᠪᠠ ᠠᠵᠤ

ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠨᠡ

ᠤᠳᠠᠭᠠᠨ ᠤ ᠬᠡᠯᠡᠯᠴᠡᠭᠡᠷ ᠤᠨ ᠬᠤᠷᠠᠯ ᠳᠤ 1200 ᠠᠵᠢᠯ ᠤᠨ ᠪᠠᠶᠢᠷᠢ ᠶᠢ ᠬᠠᠩᠭᠠᠪᠠ᠃

     5 ᠰᠠᠷ᠎ᠠ ᠶᠢᠨ 10 ᠤ ᠡᠳᠦᠷ᠂ ᠦᠬᠠᠶ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠦᠬᠠᠶ ᠶᠢᠨ ᠳᠡᠭᠡᠳᠦ

ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡᠲᠦ ᠲᠣᠭᠤᠷᠢᠭ ᠲᠤ ᠬᠦᠷᠴᠦ ᠪᠠᠶᠢᠴᠠᠭᠠᠨ ᠰᠣᠳᠤᠯᠵᠤ᠂

ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠠᠴᠠ 2022 ᠣᠨ ᠳᠤ ᠲᠡᠭᠦᠰᠦᠭᠰᠡᠳ ᠲᠤ 1500 ᠭᠠᠷᠤᠶ

ᠠᠵᠢᠯ ᠤᠨ ᠪᠠᠶᠢᠷᠢ ᠬᠠᠩᠭᠠᠪᠠ᠃

     5 ᠰᠠᠷ᠎ᠠ ᠶᠢᠨ 11 ᠤ ᠡᠳᠦᠷ᠂ ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠹᠦ᠋

ᠶᠣᠣ ᠪᠦᠯᠦᠭᠯᠡᠯ ᠤᠨ ᠲᠦᠩᠯᠢᠶᠣᠤ ᠳᠠᠬᠢ ᠬᠢᠵᠠᠭᠠᠷᠲᠤ ᠺᠣᠮᠫᠠᠨᠢ᠂ ᠵᠥᠩ ᠺᠧ ᠬᠤᠸᠠ ᠢ ᠪᠦᠯᠦᠭᠯᠡᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ

ᠪᠠᠶᠢᠷᠢ ᠶᠢ ᠥᠷᠭᠡᠳᠭᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠪᠡ᠃ ᠡᠨᠡ ᠤᠳᠠᠭᠠᠨ ᠤ

ᠠᠵᠢᠯᠯᠠᠭ᠎ᠠ ᠳᠤ 35 ᠠᠵᠢᠯ ᠤᠨ ᠪᠠᠶᠢᠷᠢ ᠶᠢ ᠥᠷᠭᠡᠳᠭᠡᠪᠡ᠃

     5 ᠰᠠᠷ᠎ᠠ ᠶᠢᠨ 12-13 ᠤ ᠡᠳᠦᠷ᠂ ᠥᠪᠥᠷ ᠮᠣᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠤᠳᠤᠷᠢᠳᠬᠤ ᠪᠠᠭ ᠤᠨ ᠬᠡᠰᠢᠭᠦᠳ ᠬᠥᠬᠡᠬᠤᠲᠠ ᠶᠢᠨ ᠰᠢᠨ ᠲᠢᠶᠠᠨ ᠿᠦᠢ ᠨᠢᠭᠲᠠᠯᠠᠨ

ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠴᠢᠩ ᠺᠤᠤ ᠰᠤᠷᠭᠠᠨ ᠬᠥᠮᠦᠵᠢᠯ ᠤᠨ ᠪᠦᠯᠦᠭᠯᠡᠯ ᠵᠡᠷᠭᠡ ᠬᠥᠮᠦᠨ ᠬᠡᠷᠡᠭᠯᠡᠬᠦ

5 ᠨᠢᠭᠡᠴᠢ ᠳᠤ ᠬᠦᠷᠴᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠵᠤ᠂

ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 110 ᠰᠢᠬᠠᠮ ᠥᠷᠭᠡᠳᠬᠡᠪᠡ᠃

     5 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠥᠪᠥᠷ ᠮᠣᠩᠭᠤᠯ ᠤᠨ ᠶᠢᠨ ᠴᠢᠶᠣᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ

ᠦᠢᠯᠡᠰ ᠤᠨ ᠬᠦᠷᠢᠶᠡᠯᠡᠩ ᠳᠤ ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ

ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠲᠤ

500 ᠭᠠᠷᠤᠶ ᠠᠵᠢᠯ ᠤᠨ ᠪᠠᠶᠢᠷᠢ ᠥᠷᠭᠡᠳᠭᠡᠵᠦ ᠥᠭᠪᠡ᠃

     5 ᠰᠠᠷ᠎ᠠ ᠶᠢᠨ 16 ᠤ ᠡᠳᠦᠷ᠂ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠥᠪᠥᠷ ᠮᠣᠩᠭᠤᠯ ᠤᠨ ᠲᠧ ᠪᠢᠶᠠᠨ ᠴᠠᠬᠢᠯᠭᠠᠨ ᠬᠦᠴᠦᠨ ᠤ ᠡᠨᠧᠷᠭᠢ ᠶᠢᠨ ᠲᠣᠨᠣᠭᠯᠠᠯ ᠤᠨ ᠬᠢᠵᠠᠭᠠᠷᠲᠤ ᠺᠣᠮᠫᠠᠨᠢ ᠳᠤ

ᠬᠦᠷᠴᠦ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ

ᠪᠠᠶᠢᠷᠢ ᠶᠢ ᠥᠷᠭᠡᠳᠬᠡᠵᠦ᠂ ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠴᠠᠬᠤᠪᠴᠢ

ᠬᠡᠯᠡᠯᠴᠡᠭᠡᠷ ᠢ ᠲᠣᠭᠲᠠᠵᠤ᠂ 130 ᠠᠵᠢᠯ ᠤᠨ ᠪᠠᠶᠢᠷᠢ ᠶᠢ ᠢᠯᠡᠷᠡᠭᠦᠯᠪᠡ᠃

     5 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ

ᠮᠣᠩᠭᠤᠯ ᠤᠨ ᠹᠧᠩᠵᠧᠦ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠬᠡᠬᠤᠲᠠ ᠳᠡᠭᠡᠳᠦ ᠰᠤᠷᠭᠠᠭᠤᠯᠢ ᠲᠠᠢ

ᠬᠠᠮᠲᠤᠷᠠᠨ ᠵᠢᠩ ᠳ᠋ᠦᠩ ᠪᠠᠷᠠᠭᠠᠨ ᠤ ᠭᠦᠢᠯᠭᠡᠭᠡ ︵ᠤᠮᠠᠷᠠᠲᠤ ᠣᠷᠣᠨ ᠤ ᠶᠡᠭᠡ ᠲᠣᠭᠤᠷᠢᠭ︶ ᠶᠢ ᠤᠷᠢᠵᠤ᠂

ᠰᠤᠷᠭᠠᠭᠤᠯᠢ ᠳᠤ ᠣᠴᠢᠭᠤᠯᠤᠨ ᠶᠠᠷᠢᠯᠴᠠᠨ ᠰᠣᠯᠢᠯᠴᠠᠬᠤ ᠵᠢᠴᠢ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠦᠭᠰᠡᠨ

ᠪᠥᠭᠡᠳ ᠵᠢᠩ ᠳ᠋ᠦᠩ ᠪᠠᠷᠠᠭᠠᠨ ᠤ ᠭᠦᠢᠯᠭᠡᠭᠡ ︵ᠤᠮᠠᠷᠠᠲᠤ ᠣᠷᠣᠨ ᠤ ᠶᠡᠭᠡ ᠲᠣᠭᠤᠷᠢᠭ︶ ᠲᠠᠢ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭᠠᠨ ᠤ ᠴᠠᠬᠤᠪᠴᠢ ᠬᠡᠯᠡᠯᠴᠡᠭᠡᠷ ᠢ ᠲᠣᠭᠲᠠᠵᠤ᠂ ᠵᠢᠩ ᠳ᠋ᠦᠩ ᠪᠠᠷᠠᠭᠠᠨ ᠤ ᠭᠦᠢᠯᠭᠡᠭᠡ

ᠠᠬᠤᠢ ᠲᠠᠯᠠᠪᠠᠶ ᠳᠤ 300 ᠠᠵᠢᠯ ᠤᠨ ᠪᠠᠶᠢᠷᠢ ᠶᠢ ᠬᠠᠩᠭᠠᠪᠠ᠃

     5 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠤᠨ ᠰᠢᠨᠵᠢᠯᠡᠬᠦ ᠤᠬᠠᠭᠠᠨ

ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠥᠪᠥᠷ ᠮᠣᠩᠭᠤᠯ ᠤᠨ ᠤᠯᠠᠭᠠᠨᠬᠠᠳᠠ ᠶᠢᠨ

ᠬᠤᠳᠠᠯᠳᠤᠭᠠᠴᠢᠳ ᠤᠨ ᠡᠪᠯᠡᠯ ᠵᠢᠴᠢ ᠬᠡᠰᠡᠭ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠢ ᠰᠤᠷᠪᠤᠯᠵᠢᠯᠠᠨ

ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠯ᠎ᠡ

ᠠᠵᠤ ᠠᠬᠤᠶᠢᠯᠠᠯ ᠲᠠᠢ ᠠᠩᠬ᠎ᠠ ᠠᠯᠬᠤᠮ 5 ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠡᠯ᠎ᠡ ᠠᠵᠤ

ᠠᠬᠤᠶᠢᠯᠠᠯ ᠠᠴᠠ 179 ᠠᠵᠢᠯ ᠤᠨ ᠪᠠᠶᠢᠷᠢ ᠬᠠᠩᠭᠠᠪᠠ᠃

     ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠭᠦᠨᠵᠡᠭᠡᠢ

     ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ

ᠠᠬᠢᠭᠤᠯᠬᠤ ᠲᠤᠰᠬᠠᠶ ᠠᠵᠢᠯᠯᠠᠭᠠᠨ ᠤ ᠶᠠᠪᠤᠴᠠ ᠳᠤ ᠡᠯ᠎ᠡ ᠳᠡᠭᠡᠳᠦ ᠰᠤᠷᠭᠠᠭᠤᠯᠢ ᠬᠥᠮᠦᠨ ᠬᠡᠷᠡᠭᠯᠡᠬᠦ

ᠨᠢᠭᠡᠴᠢ ᠯᠦᠭᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂

ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠳᠠᠳᠤᠯᠭ᠎ᠠ ᠬᠢᠬᠦ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠪᠠ᠃

     4 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ

ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠣᠷᠳᠣᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ

ᠰᠣᠶᠣᠯ ᠤᠨ ᠡᠭᠦᠳᠦᠯᠲᠡᠲᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠲᠠᠢ ᠳᠠᠳᠤᠯᠭ᠎ᠠ

ᠪᠣᠯᠪᠠᠰᠤᠷᠠᠯ ᠤᠨ ᠰᠠᠭᠤᠷᠢᠨ ᠭᠠᠵᠠᠷ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠭᠰᠠᠨ ᠪᠥᠭᠡᠳ ︽ᠠᠵᠢᠯ ᠣᠯᠵᠤ

ᠳᠠᠳᠤᠯᠭ᠎ᠠ ᠬᠢᠬᠦ ᠰᠠᠭᠤᠷᠢᠨ ᠭᠠᠵᠠᠷ︾ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃

     4 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠰ

ᠴᠣᠭᠴᠠᠯᠠᠯᠲᠠ ᠶᠢᠨ ᠳᠡᠭᠡᠳᠦ ᠰᠤᠷᠭᠠᠭᠤᠯᠢ ᠵᠥᠩ ᠰᠢᠨ ᠪᠠᠩᠬᠢ ᠵᠡᠷᠭᠡ ᠠᠵᠤ ᠠᠬᠤᠶᠢᠯᠠᠯ ᠤᠨ 10 ᠨᠢᠭᠡᠴᠢ ᠲᠠᠢ

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠬᠢᠵᠦ᠂ ᠲᠡᠭᠦᠰᠦᠭᠰᠡᠳ ᠲᠤ ᠴᠢᠨᠠᠷᠯᠢᠭ

ᠠᠵᠢᠯ ᠣᠯᠭᠤᠬᠤ ᠲᠠᠪᠴᠠᠩ ᠪᠠᠶᠢᠭᠤᠯᠤᠨ ᠥᠭᠴᠦ᠂ ᠳᠠᠳᠤᠯᠭ᠎ᠠ ᠬᠢᠬᠦ ᠪᠠ ᠠᠵᠢᠯ ᠤᠯᠬᠤ ᠲᠣᠬᠢᠶᠠᠯ ᠢ ᠨᠠᠩ

ᠥᠷᠭᠡᠳᠭᠡᠵᠦ ᠥᠭᠪᠡ᠃

     4 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠤᠨ ᠶᠢᠨ

ᠴᠢᠶᠣᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠶᠤᠲᠠᠳ ᠤᠨ ᠠᠵᠢᠯ

ᠣᠯᠵᠤ ᠦᠢᠯᠡᠰ ᠪᠣᠰᠬᠠᠬᠤ ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠤᠭᠰᠠᠨ ᠤ ᠬᠠᠮᠲᠤ ᠫᠠᠶᠢᠰᠠ

ᠰᠡᠬᠦᠪᠡ᠃

     4 ᠰᠠᠷ᠎ᠠ ᠶᠢᠨ 19 ᠤ ᠡᠳᠦᠷ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ

ᠰᠢᠩ ᠲᠠᠢ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠦᠢᠯᠡᠳᠪᠦᠷᠢᠯᠡᠬᠦ᠂ ᠰᠤᠷᠬᠤ᠂ ᠰᠣᠳᠤᠯᠬᠤ

ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠢ ᠶᠠᠪᠤᠭᠤᠯᠵᠤ᠂ ᠴᠢᠳᠠᠪᠤᠷᠢᠲᠠᠨ ᠢ ᠬᠥᠮᠦᠵᠢᠭᠦᠯᠬᠦ᠂ ᠳᠠᠳᠤᠯᠭ᠎ᠠ

ᠪᠣᠯᠪᠠᠰᠤᠷᠠᠯ ᠬᠢᠬᠦ᠂ ᠰᠤᠷᠤᠭᠴᠢᠳ ᠲᠤ ᠠᠵᠢᠯ ᠣᠯᠭᠤᠬᠤ ᠵᠡᠷᠭᠡ ᠣᠯᠠᠨ ᠲᠠᠯ᠎ᠠ ᠪᠠᠷ ᠰᠣᠯᠢᠯᠴᠠᠭ᠎ᠠ ᠪᠠ

ᠬᠠᠮᠲᠤᠷᠠᠯᠴᠠᠭ᠎ᠠ ᠶᠢ ᠥᠷᠨᠢᠭᠦᠯᠪᠡ᠃

     4 ᠰᠠᠷ᠎ᠠ ᠶᠢᠨ 20 ᠤ ᠡᠳᠦᠷ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠪᠣᠯᠤᠨ ᠤᠯᠠᠭᠠᠨᠴᠠᠪ ᠤᠨ ᠷᠠᠳᠢᠣ᠋

ᠲᠧᠯᠸᠢᠰ ᠬᠤᠷᠢᠶ᠎ᠠ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠪᠠᠶᠢᠭᠤᠯᠬᠤ᠂ ᠲᠡᠭᠦᠰᠦᠭᠰᠡᠳ ᠲᠤ

ᠵᠣᠬᠢᠬᠤ ᠠᠵᠢᠯ ᠤᠨ ᠪᠠᠶᠢᠷᠢ ᠲᠠᠨᠢᠯᠴᠠᠭᠤᠯᠬᠤ᠂ ᠴᠢᠨᠠᠷᠯᠢᠭ ᠦᠢᠯᠡᠳᠦᠯᠭᠡ ᠶᠢᠨ ᠰᠠᠭᠤᠷᠢᠨ ᠭᠠᠵᠠᠷ ᠢ ᠥᠷᠭᠡᠳᠬᠡᠬᠦ᠂

ᠰᠣᠳᠣᠨ ᠳᠠᠳᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠲᠠᠯ᠎ᠠ ᠪᠠᠷ ᠵᠣᠬᠢᠬᠤ ᠬᠠᠮᠲᠤᠷᠠᠯᠴᠠᠭ᠎ᠠ ᠪᠠᠶᠢᠭᠤᠯᠪᠠ᠃

      4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ

ᠥᠪᠥᠷ ᠮᠣᠩᠭᠤᠯ ᠤᠨ ᠴᠢ ᠮᠢᠩ ᠰᠢᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠬᠥᠭᠵᠢᠯᠲᠡ ᠶᠢᠨ ᠬᠢᠵᠠᠭᠠᠷᠲᠤ ᠺᠣᠮᠫᠠᠨᠢ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ

︿ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠳᠠᠭᠠᠭᠤᠯᠬᠤ﹀ ᠠᠵᠢᠯᠯᠠᠬᠤ ᠲᠠᠰᠤᠭ︾ ᠢ ᠬᠠᠮᠲᠤ ᠪᠠᠷ

ᠪᠠᠶᠢᠭᠤᠯᠪᠠ᠃

     4 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠣᠯᠤᠨ ᠬᠥᠩ ᠴᠧᠩ ᠰᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ

ᠬᠡᠯᠡᠯᠴᠡᠭᠡᠷ ᠲᠣᠭᠲᠠᠭᠰᠠᠨ ᠪᠥᠭᠡᠳ ︽ᠪᠠᠭᠰᠢ ᠪᠣᠯᠤᠨ ᠠᠵᠤ ᠠᠬᠤᠶᠢᠯᠠᠯ ᠤᠨ ᠦᠢᠯᠡᠳᠦᠯᠭᠡ ᠶᠢᠨ ᠰᠢᠯᠵᠢᠮᠡᠯ ᠥᠷᠲᠡᠭᠡ︾

 ᠶᠢᠨ ᠫᠠᠶᠢᠰᠠ ᠶᠢ ᠰᠡᠬᠦᠪᠡ᠃

     4 ᠰᠠᠷ᠎ᠠ ᠶᠢᠨ 26 ᠤ ᠡᠳᠦᠷ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠦᠢᠯᠡᠳᠪᠦᠷᠢᠯᠡᠬᠦ᠂ ᠵᠢᠭᠠᠬᠤ᠂

ᠰᠤᠳᠤᠯᠬᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠴᠠᠬᠤᠪᠴᠢ ᠬᠡᠯᠡᠯᠴᠡᠭᠡᠷ ᠢ ᠲᠣᠭᠲᠠᠬᠤ ᠶᠣᠰᠣᠯᠠᠯ ᠢ

ᠶᠠᠪᠤᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠱᠠᠭᠠᠷᠳᠠᠭᠳᠠᠬᠤ ᠴᠢᠳᠠᠪᠤᠷᠢᠲᠠᠨ ᠢ ᠬᠥᠮᠦᠵᠢᠭᠦᠯᠬᠦ ᠳᠤ

ᠰᠢᠨ᠎ᠡ ᠠᠷᠭ᠎ᠠ ᠵᠠᠮ ᠬᠠᠩᠭᠠᠪᠠ᠃

     5 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠥᠪᠥᠷ ᠮᠣᠩᠭᠤᠯ ᠤᠨ ᠮᠠᠨ ᠶᠠᠩ ᠪᠡᠶ᠎ᠡ ᠶᠢᠨ ᠲᠠᠮᠢᠷ ᠰᠣᠶᠣᠯ ᠤᠨ ᠬᠢᠵᠠᠭᠠᠷᠲᠤ ᠺᠣᠮᠫᠠᠨᠢ ᠳᠤ ᠬᠦᠷᠴᠦ

ᠪᠠᠶᠢᠴᠠᠭᠠᠨ ᠰᠣᠳᠤᠯᠵᠤ᠂ ᠬᠤᠶᠠᠷ ᠲᠠᠯ᠎ᠠ ᠪᠠᠷ ᠢᠶᠠᠨ ᠥᠷᠭᠡᠨ ᠢᠶᠠᠷ ᠠᠩᠬᠠᠷᠴᠤ ᠪᠠᠶᠢᠭ᠎ᠠ ᠴᠢᠳᠠᠪᠤᠷᠢᠲᠠᠨ ᠢ

ᠬᠥᠮᠦᠵᠢᠭᠦᠯᠬᠦ ᠲᠥᠰᠦᠯ ᠢ ᠲᠣᠭᠲᠠᠭᠠᠬᠤ᠂ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ᠂ ᠰᠤᠷᠭᠠᠭᠤᠯᠢ ᠪᠠ ᠠᠵᠤ

ᠠᠬᠤᠶᠢᠯᠠᠯ ᠤᠨ ᠲᠤᠰᠬᠠᠶ ᠮᠡᠷᠭᠡᠵᠢᠯᠲᠡᠨ ᠤ ᠵᠢᠭᠠᠨ ᠰᠤᠷᠭᠠᠯᠲᠠ ᠶᠢᠨ ᠪᠦᠯᠬᠦᠮ ᠨᠡᠶᠢᠲᠡ᠂ ᠳᠠᠳᠤᠯᠭ᠎ᠠ

ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ᠂ ᠴᠢᠨᠠᠷᠯᠢᠭ ᠠᠵᠢᠯ ᠣᠯᠭᠤᠯᠲᠠ ᠶᠢ ᠠᠬᠢᠭᠤᠯᠬᠤ

ᠵᠡᠷᠭᠡ ᠠᠰᠠᠭᠤᠳᠠᠯ ᠤᠨ ᠲᠤᠬᠠᠶ ᠪᠥᠬᠦ ᠲᠠᠯ᠎ᠠ ᠪᠠᠷ ᠰᠣᠯᠢᠯᠴᠠᠵᠤ᠂ ᠬᠠᠮᠲᠤᠷᠠᠯᠴᠠᠭ᠎ᠠ ᠪᠠᠶᠢᠭᠤᠯᠪᠠ᠃

     5 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠬᠠᠶ ᠺᠠᠩ ᠸᠧᠶ ᠱᠢ ᠡᠯᠧᠺᠲᠷᠣᠨ ᠬᠢᠵᠠᠭᠠᠷᠲᠤ ᠺᠣᠮᠫᠠᠨᠢ ᠶᠢᠨ ᠥᠪᠥᠷ

ᠮᠣᠩᠭᠤᠯ ᠳᠠᠬᠢ ᠬᠤᠪᠢᠶᠠᠷᠢ ᠺᠣᠮᠫᠠᠨᠢ ᠬᠠᠮᠲᠤᠷᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠵᠠᠬᠢᠶᠠᠯᠠᠭ᠎ᠠ ᠶᠢᠨ

ᠠᠩᠭᠢ᠂ ᠱᠠᠪᠢᠯᠠᠬᠤ ᠲᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ᠂

ᠦᠨᠳᠦᠰᠦᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃

     5 ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠬᠥᠬᠡᠬᠤᠲᠠ ᠶᠢᠨ ᠠᠵᠤ ᠠᠬᠤᠶ ᠶᠢᠨ ᠨᠡᠭᠡᠭᠡᠯᠲᠡᠲᠦ ᠲᠣᠭᠤᠷᠢᠭ ᠲᠤ ᠬᠦᠷᠴᠦ᠂ ᠠᠵᠤ ᠠᠬᠤᠶᠢᠯᠠᠯ ᠢ ᠰᠤᠷᠪᠤᠯᠵᠢᠯᠠᠨ

ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂

ᠰᠤᠷᠭᠠᠭᠤᠯᠢ᠂ ᠵᠠᠰᠠᠭ ᠵᠠᠬᠢᠷᠭ᠎ᠠ᠂ ᠠᠵᠤ ᠠᠬᠤᠶᠢᠯᠠᠯ ᠤᠨ ᠪᠠᠶᠢᠩᠭᠤ ᠶᠢᠨ ᠴᠢᠳᠠᠪᠤᠷᠢᠲᠠᠨ ᠤ ᠬᠠᠩᠭᠠᠯᠭ᠎ᠠ

ᠬᠡᠷᠡᠭᠴᠡᠭᠡᠨ ᠤ ᠬᠠᠮᠲᠤᠷᠠᠯᠴᠠᠭᠠᠨ ᠤ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠲᠤᠰᠬᠠᠶ ᠮᠡᠷᠭᠡᠵᠢᠯ  ᠪᠣᠯᠤᠨ

ᠠᠵᠤ ᠦᠢᠯᠡᠰ ᠢ ᠵᠣᠯᠭᠠᠭᠤᠯᠬᠤ᠂ ᠰᠤᠷᠭᠠᠭᠤᠯᠢ ᠪᠣᠯᠤᠨ ᠠᠵᠤ ᠠᠬᠤᠶᠢᠯᠠᠯ ᠢ ᠠᠭᠤᠰᠬᠠᠬᠤ᠂ ᠳᠠᠪᠠᠭᠤᠯᠢᠭ ᠢᠶᠠᠨ

ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠬᠠᠮᠲᠤᠷᠠᠯᠴᠠᠭᠠᠨ ᠤ ᠰᠠᠨᠠᠮᠵᠢ ᠶᠢ ᠬᠡᠷᠡᠭᠵᠢᠭᠦᠯᠪᠡ᠃

     5 ᠰᠠᠷ᠎ᠠ ᠶᠢᠨ 12 ᠤᠨ ᠡᠳᠦᠷ᠂ ᠣᠷᠳᠣᠰ ᠤᠨ ᠠᠮᠢ ᠠᠬᠤᠶ ᠣᠷᠴᠢᠨ ᠲᠣᠭᠤᠷᠢᠨ ᠤ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠣᠷᠳᠣᠰ ᠨᠢᠰᠬᠡᠯ ᠤᠨ ᠪᠠᠭᠤᠳᠠᠯ ᠤᠨ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ᠂

ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ

ᠠᠵᠢᠯ ᠢ ᠥᠷᠨᠢᠭᠦᠯᠵᠦ᠂ ᠨᠡᠪᠲᠡᠷᠡᠯᠴᠡᠨ ᠰᠣᠯᠢᠯᠴᠠᠬᠤ ᠪᠠᠷ ᠳᠡᠮᠵᠢᠨ᠂ ᠰᠤᠷᠭᠠᠭᠤᠯᠢ ᠪᠠ ᠠᠵᠤ ᠠᠬᠤᠶᠢᠯᠠᠯ ᠬᠤᠶᠠᠷ

ᠲᠠᠯ᠎ᠠ ᠪᠠᠷ ᠢᠶᠠᠨ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡᠨ ᠤ ᠪᠠᠶᠢᠩᠭᠤ ᠶᠢᠨ ᠬᠠᠮᠲᠤᠷᠠᠯᠴᠠᠭᠠᠨ ᠤ ᠲᠣᠭᠲᠠᠴᠠ ᠶᠢ

ᠠᠩᠬ᠎ᠠ ᠠᠯᠬᠤᠮ ᠪᠠᠶᠢᠭᠤᠯᠪᠠ᠃

     5 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠥᠪᠥᠷ ᠮᠣᠩᠭᠤᠯ ᠤᠨ ᠵᠢᠤᠢ ᠨᠦᠩ ᠯᠢᠶᠠᠩ ᠫᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ

ᠺᠣᠮᠫᠠᠨᠢ᠂ ᠥᠪᠥᠷ ᠮᠣᠩᠭᠤᠯ ᠤᠨ ᠽᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂

ᠥᠪᠥᠷ ᠮᠣᠩᠭᠤᠯ ᠤᠨ ᠾᠧ ᠱᠧᠩ ᠠᠳᠠᠯ ᠦᠢᠯᠡᠰ ᠤᠨ ᠬᠢᠵᠠᠭᠠᠷᠲᠤ ᠺᠣᠮᠫᠠᠨᠢ᠂ ᠰᠤᠷᠭᠠᠭᠤᠯᠢ ᠪᠠ ᠠᠵᠤ ᠠᠬᠤᠶᠢᠯᠠᠯ

ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠠᠵᠢᠯ

ᠣᠯᠭᠤᠬᠤ ᠠᠷᠭ᠎ᠠ ᠵᠠᠮ ᠢ ᠥᠷᠭᠡᠳᠬᠡᠬᠦ᠂ ᠠᠵᠢᠯ ᠣᠯᠭᠤᠬᠤ ᠠᠵᠢᠯ ᠤᠨ ᠪᠠᠶᠢᠷᠢ ᠶᠢ ᠥᠷᠭᠡᠳᠬᠡᠬᠦ᠂ ᠳᠠᠳᠤᠯᠭ᠎ᠠ

ᠪᠣᠯᠪᠠᠰᠤᠷᠠᠯ ᠢ ᠥᠷᠨᠢᠭᠦᠯᠬᠦ᠂ ᠠᠵᠢᠯ ᠣᠯᠭᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ

ᠭᠦᠨᠵᠡᠭᠡᠶ ᠰᠣᠯᠢᠯᠴᠠᠭ᠎ᠠ ᠬᠢᠵᠦ᠂ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃

     5 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠥᠪᠥᠷ

ᠮᠣᠩᠭᠤᠯ ᠤᠨ ᠵᠢᠩ ᠯᠢ ᠴᠢᠶᠠᠨ ᠺᠦᠨ ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ

ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ

ᠠᠬᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ

ᠬᠡᠯᠡᠯᠴᠡᠭᠡᠷ ᠲᠣᠭᠲᠠᠭᠰᠠᠨ ᠪᠥᠭᠡᠳ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠦᠢᠯᠡᠳᠦᠯᠭᠡ ᠶᠢᠨ

ᠳᠠᠳᠤᠯᠭ᠎ᠠ ᠶᠢᠨ ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ᠃

     5 ᠰᠠᠷ᠎ᠠ ᠶᠢᠨ 26 - 28 ᠤ ᠡᠳᠦᠷ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ

ᠲᠤᠰᠬᠠᠶ ᠮᠡᠷᠭᠡᠵᠢᠯ ᠤᠨ ᠰᠤᠷᠭᠠᠭᠤᠯᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠬᠤᠸᠠᠳᠧ ᠰᠢᠶᠠᠨ᠂

ᠱᠠᠩᠳᠤ ᠰᠢᠶᠠᠨ ᠵᠡᠷᠭᠡ ᠶᠢᠨ ᠡᠮᠴᠢᠯᠡᠭᠡᠨ ᠤ ᠨᠢᠭᠡᠴᠢ ᠶᠢ ᠰᠤᠷᠪᠤᠯᠵᠢᠯᠠᠨ ᠪᠠᠶᠢᠴᠠᠭᠠᠨ ᠰᠣᠳᠤᠯᠵᠤ᠂ ᠡᠮᠴᠢᠯᠡᠭᠡᠨ ᠤ

ᠰᠢᠰᠲ᠋ᠧᠮ ᠤᠨ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ᠂ ᠴᠢᠳᠠᠪᠤᠷᠢᠲᠠᠨ ᠢ

ᠬᠥᠮᠦᠵᠢᠭᠦᠯᠬᠦ ᠪᠠ ᠠᠵᠢᠯ ᠣᠯᠭᠤᠬᠤ ᠬᠠᠮᠲᠤᠷᠠᠯᠴᠠᠭ᠎ᠠ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭᠰᠠᠨ ᠪᠥᠭᠡᠳ

︽ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠴᠠᠬᠤᠪᠴᠢ ᠬᠡᠯᠡᠯᠴᠡᠭᠡᠷ︾ ᠢ ᠲᠣᠭᠲᠠᠵᠠᠶ᠃

     ᠲᠤᠰᠬᠠᠶ ᠮᠡᠷᠭᠡᠵᠢᠯ ᠢ ᠬᠠᠮᠲᠤᠷᠠᠨ ᠪᠠᠶᠢᠭᠤᠯᠬᠤ ᠴᠢᠭᠯᠡᠯ

     ᠲᠤᠰᠬᠠᠶ ᠠᠵᠢᠯᠯᠠᠭᠠᠨ ᠤ ᠶᠠᠪᠤᠴᠠ ᠳᠤ ᠡᠯ᠎ᠡ ᠳᠡᠭᠡᠳᠦ ᠰᠤᠷᠭᠠᠭᠤᠯᠢ ᠨᠢ ᠰᠤᠷᠭᠠᠭᠤᠯᠢ ᠶᠢᠨ ᠲᠤᠰᠬᠠᠶ

ᠮᠡᠷᠭᠡᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠢᠶᠠᠨ ᠦᠨᠳᠦᠰᠦᠯᠡᠨ᠂ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠢ

ᠵᠣᠯᠭᠠᠭᠤᠯᠵᠤ᠂ ᠠᠵᠢᠯ ᠤᠨ ᠪᠠᠶᠢᠷᠢ ᠶᠢ ᠥᠷᠭᠡᠳᠭᠡᠪᠡ᠃

     3 ᠰᠠᠷ᠎ᠠ ᠶᠢᠨ 25 ᠤ ᠡᠳᠦᠷ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ

ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠤᠯᠪᠤᠭᠳᠠᠬᠤ ᠴᠠᠬᠢᠯᠭᠠᠨ ᠠᠦ᠋ᠲ᠋ᠣᠴᠢᠯᠠᠯᠲᠠ᠂ ᠮᠠᠰᠢᠨ ᠴᠠᠬᠢᠯᠭᠠᠨ ᠤ

ᠨᠢᠭᠡ ᠴᠣᠭᠴᠠᠵᠢᠭᠤᠯᠤᠯᠲᠠ᠂ ᠭᠠᠩᠨᠠᠬᠤ ᠮᠡᠷᠭᠡᠵᠢᠯ᠂ ᠬᠡᠷᠡᠭᠯᠡᠭᠡᠨ ᠤ ᠬᠢᠮᠢ ᠶᠢᠨ ᠠᠵᠤ  ᠦᠢᠯᠡᠳᠪᠦᠷᠢ ᠵᠡᠷᠭᠡ ᠲᠤᠰᠬᠠᠶ

ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ

ᠳᠠᠷᠠᠭ᠎ᠠ ᠠᠯᠬᠤᠮ ᠤᠨ ᠬᠥᠮᠦᠨ ᠬᠡᠷᠡᠭᠯᠡᠬᠦ ᠪᠠᠶᠢᠳᠠᠯ ᠳᠤ ᠴᠢᠭᠯᠡᠭᠦᠯᠦᠨ ᠨᠠᠷᠢᠯᠢᠭ ᠣᠨᠣᠴᠠᠲᠠᠢ ᠵᠣᠯᠭᠠᠭᠤᠯᠤᠨ᠎ᠠ ᠭᠡᠵᠦ

ᠢᠯᠡᠳᠬᠡᠪᠡ᠃

     4 ᠰᠠᠷ᠎ᠠ ᠶᠢᠨ 20 ᠤ ᠡᠳᠦᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠨᠠᠭᠠᠬᠤ ᠤᠬᠠᠭᠠᠨ

ᠡᠷᠡᠭᠦᠯ ᠮᠡᠨᠳᠦ ᠶᠢᠨ ᠰᠠᠯᠪᠤᠷᠢ ᠠᠴᠠ ᠲᠡᠭᠦᠰᠦᠭᠰᠡᠳ ᠲᠤ ᠠᠵᠢᠯ ᠣᠯᠭᠤᠵᠤ ᠣᠲᠠᠴᠢ ᠡᠮ ᠤᠨ ᠦᠢᠯᠡᠰ ᠲᠤ ᠬᠦᠷᠴᠦ

ᠪᠠᠶᠢᠴᠠᠭᠠᠨ ᠰᠤᠳᠤᠯᠤᠯᠲᠠ ᠬᠢᠵᠦ ᠠᠵᠢᠯ ᠤᠨ ᠪᠠᠶᠢᠷᠢ ᠶᠢ ᠥᠷᠭᠡᠳᠬᠡᠵᠦ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ

ᠬᠥᠮᠦᠵᠢᠭᠦᠯᠬᠦ ᠲᠥᠰᠦᠯ ᠢ ᠲᠣᠭᠲᠠᠭᠠᠵᠤ᠂ ᠰᠤᠷᠤᠭᠴᠢᠳ ᠰᠤᠷᠭᠠᠭᠤᠯᠢ ᠪᠠᠨ ᠲᠡᠭᠦᠰᠦᠮᠡᠭᠴᠡ ᠠᠵᠢᠯ ᠤᠯᠬᠤ ᠶᠢ

ᠪᠡᠶᠡᠯᠡᠭᠦᠯᠪᠡ᠃

     4 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ

ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ

ᠥᠷᠨᠢᠭᠦᠯᠵᠦ᠂ ᠡᠪᠡᠳᠴᠢᠨ ᠤ ᠵᠦᠶ᠂ ᠮᠢᠨᠴᠦᠭᠦᠷᠡᠭᠦᠯᠬᠦ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠵᠢᠷᠤᠭ

ᠳᠦᠷᠰᠦ ᠵᠡᠷᠭᠡ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ ᠥᠷᠭᠡᠳᠭᠡᠵᠦ᠂ ᠰᠤᠷᠭᠠᠭᠤᠯᠢ ᠶᠢᠨ ᠢᠶᠠᠨ ᠵᠢᠭᠠᠨ

ᠰᠤᠷᠭᠠᠯᠲᠠ ᠶᠢᠨ ᠡᠬᠢ ᠪᠠᠶᠠᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠭᠦᠢᠴᠡᠳ ᠠᠰᠢᠭᠯᠠᠵᠤ

ᠨᠠᠩ ᠣᠯᠠᠨ ᠴᠢᠨᠠᠷᠯᠢᠭ ᠴᠢᠳᠠᠪᠤᠷᠢᠲᠠᠨ ᠢ  ᠬᠥᠮᠥᠵᠢᠭᠦᠯᠦᠨ᠎ᠡ᠃

     4 ᠰᠠᠷ᠎ᠠ ᠶᠢᠨ 27 ᠤ ᠡᠳᠦᠷ᠂ ᠬᠥᠯᠥᠨ ᠪᠤᠶᠢᠷ ᠳᠡᠭᠡᠳᠦ ᠰᠤᠷᠭᠠᠭᠤᠯᠢ ᠤᠯᠤᠰ ᠤᠨ ᠡᠨᠧᠷᠭᠢ ᠶᠢᠨ

ᠪᠦᠯᠦᠭᠯᠡᠯ ᠤᠨ ᠶᠠᠨ ᠪᠦᠦ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠰᠤᠷᠭᠠᠭᠤᠯᠢ ᠶᠢᠨ ᠮᠠᠰᠢᠨ

ᠴᠠᠬᠢᠯᠭᠠᠨ ᠤ ᠢᠨᠵᠧᠨᠧᠷᠢᠩ ᠤᠨ ᠳᠡᠭᠡᠳᠦ ᠰᠤᠷᠭᠠᠭᠤᠯᠢ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ᠂

ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠦᠢᠯᠡᠳᠪᠦᠷᠢᠯᠡᠯ ᠪᠠ ᠵᠢᠭᠠᠨ

ᠰᠤᠷᠭᠠᠯᠲᠠ ᠶᠢ ᠠᠭᠤᠰᠬᠠᠬᠤ᠂ ᠲᠡᠭᠦᠰᠦᠭᠰᠡᠳ ᠲᠤ ᠠᠵᠢᠯ ᠣᠯᠭᠤᠬᠤ ᠵᠡᠷᠭᠡ ᠣᠯᠠᠨ ᠲᠠᠯ᠎ᠠ ᠪᠠᠷ ᠭᠦᠨ

ᠳᠠᠪᠬᠤᠷᠭᠠᠨ ᠤ ᠬᠠᠮᠲᠤᠷᠠᠯᠴᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠵᠤ᠂

ᠲᠡᠭᠦᠰᠦᠭᠰᠡᠳ ᠲᠤ ᠠᠵᠢᠯ ᠣᠯᠭᠤᠬᠤ ᠳᠤ ᠬᠦᠴᠦᠨ ᠨᠡᠮᠡᠷᠢᠯᠡᠵᠦ᠂ ᠬᠠᠷᠢᠯᠴᠠᠨ ᠠᠰᠢᠭ ᠬᠦᠷᠲᠡᠭᠡᠵᠦ ᠬᠤᠤᠰ

ᠠᠮᠵᠢᠯᠲᠠ ᠤᠯᠬᠤ ᠶᠢ ᠪᠡᠶᠡᠯᠡᠭᠦᠯᠪᠡ᠃

     5 ᠰᠠᠷ᠎ᠠ ᠶᠢᠨ 13 ᠤ ᠡᠳᠦᠷ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠵᠠᠯᠠᠨ

ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠲᠤᠰᠬᠠᠶ ᠮᠡᠷᠭᠡᠵᠢᠯ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ

ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠨ᠂

ᠴᠢᠳᠠᠪᠤᠷᠢᠲᠠᠨ ᠢ ᠬᠥᠮᠦᠵᠢᠭᠦᠯᠬᠦ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠬᠡᠮᠵᠢᠶ᠎ᠡ ᠶᠢ

ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠴᠢᠳᠠᠪᠤᠷᠢᠲᠠᠨ ᠤ

ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠪᠠ᠃

     ᠲᠤᠰᠬᠠᠶ ᠠᠵᠢᠯᠯᠠᠭᠠᠨ ᠤ ᠶᠠᠪᠤᠴᠠ ᠳᠤ᠂ ᠡᠯ᠎ᠡ ᠳᠡᠭᠡᠳᠦ ᠰᠤᠷᠭᠠᠭᠤᠯᠢ ᠨᠢ ᠠᠵᠤ ᠠᠬᠤᠶᠢᠯᠠᠯ ᠢ ᠪᠠᠶᠢᠴᠠᠭᠠᠨ

ᠰᠣᠳᠤᠯᠵᠤ ᠰᠤᠷᠪᠤᠯᠵᠢᠯᠠᠬᠤ ᠪᠠᠷ ᠳᠡᠮᠵᠢᠨ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠬᠥᠮᠦᠨ ᠬᠡᠷᠡᠭᠯᠡᠬᠦ

ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ

ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠬᠠᠵᠤ ᠬᠠᠮᠵᠢᠯᠴᠠᠨ

ᠬᠥᠮᠦᠨ ᠢ ᠬᠥᠮᠦᠵᠢᠭᠦᠯᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂

ᠳᠡᠭᠡᠳᠦ ᠰᠤᠷᠭᠠᠭᠤᠯᠢ ᠪᠠ ᠠᠵᠢᠯ ᠲᠥᠷᠥᠯ ᠤᠨ ᠠᠵᠤ ᠠᠬᠤᠶᠢᠯᠠᠯ ᠤᠨ ᠬᠠᠮᠵᠢᠯᠴᠠᠬᠤ ᠲᠠᠪᠴᠠᠩ ᠢ ᠪᠠᠶᠢᠭᠤᠯᠵᠤ᠂

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠬᠠᠨᠳᠤᠯᠭᠠᠲᠤ ᠴᠢᠨᠠᠷ ᠪᠠ

ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ

ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ

ᠦᠢᠯᠡᠴᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ

ᠨᠠᠩ ᠴᠢᠨᠠᠷᠯᠢᠭ ᠠᠵᠢᠯ ᠤᠯᠬᠤ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

                     

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号