ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠳᠡᠳᠬᠦᠬᠦ ᠲᠥᠪ ᠪᠣᠯᠤᠨ ᠳᠤᠮᠳᠠᠳᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2022/6/20
     6 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠳᠡᠳᠬᠦᠬᠦ ᠲᠥᠪ  ᠪᠣᠯᠤᠨ ᠳᠤᠮᠳᠠᠳᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠬᠥᠬᠡᠬᠤᠲᠠ ᠳᠤ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠳᠡᠳᠬᠦᠬᠦ ᠲᠥᠪ ᠤᠨ ᠡᠷᠬᠢᠯᠡᠭᠴᠢ ᠵᠠᠩ ᠵᠢᠶᠠ ᠯᠢ᠂ ᠰᠢᠦᠳᠠᠨ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠱᠧᠨ ᠶᠠᠩ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠶᠠᠷ ᠲᠠᠯ᠎ᠠ ᠶᠢᠨ ᠬᠤᠯᠪᠤᠭᠳᠠᠬᠤ ᠬᠠᠷᠢᠭᠤᠴᠠᠯᠭᠠᠲᠠᠨ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠢ ᠮᠠᠨ ᠤ ᠣᠷᠣᠨ ᠳᠤ ᠪᠦᠬᠦ ᠲᠠᠯ᠎ᠠ ᠪᠠᠷ ᠠᠬᠢᠭᠤᠯᠬᠤ ᠲᠤᠬᠠᠶ ᠰᠣᠯᠢᠯᠴᠠᠨ ᠶᠠᠷᠢᠯᠴᠠᠪᠠ᠃

     ᠡᠨᠡ ᠤᠳᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠨᠢ ᠥᠪᠡᠷᠲᠡᠭᠡᠨ ᠵᠠᠰᠠᠬᠤ ᠣᠷᠣᠨ ᠤ

ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠦᠷᠭᠦᠯᠵᠢᠯᠡᠨ ᠡᠷᠡᠭᠦᠯ ᠢᠶᠠᠷ

ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠠᠮ ᠪᠠ ᠵᠠᠰᠠᠭ ᠤᠨ ᠣᠷᠳᠣᠨ ᠤ ︽ᠨᠢᠭᠡ ᠬᠡᠦᠬᠡᠳ ᠢ ᠴᠦ ᠬᠡᠷ

ᠪᠦᠯᠢ ᠶᠢᠨ ᠠᠵᠤ ᠠᠬᠤᠶ ᠶᠢᠨ ᠬᠦᠴᠢᠷᠳᠡᠯ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ︾ ᠭᠡᠬᠦ ᠲᠥᠪ ᠴᠢᠩᠭ᠎ᠠ

ᠠᠮᠠᠯᠠᠯᠲᠠ ᠶᠢ ᠦᠨᠡᠨ ᠬᠦ ᠪᠠᠲᠤᠯᠠᠨ ᠬᠠᠮᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ

ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠳᠤ ᠠᠰᠢᠭᠲᠠᠶ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ

ᠳᠡᠳᠬᠦᠬᠦ ᠲᠥᠪ ᠤᠨ ᠬᠢᠨ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠠᠵᠢᠯ ᠤᠨ ᠡᠷᠴᠢᠮ ᠢᠶᠠᠨ

ᠦᠷᠭᠦᠯᠵᠢᠯᠡᠨ ᠨᠡᠮᠡᠭᠳᠡᠭᠦᠯᠵᠦ᠂ ᠳᠠᠭᠠᠭᠠᠴᠢᠯᠠᠨ ᠡᠷᠬᠢᠯᠡᠵᠦ ᠪᠠᠶᠢᠭ᠎ᠠ ᠪᠠᠩᠬᠢ ᠯᠤᠭ᠎ᠠ ᠶᠢᠨ ᠰᠤᠷᠤᠯᠭ᠎ᠠ ᠶᠢ ᠳᠡᠳᠬᠦᠬᠦ

ᠵᠢᠭᠡᠯᠡᠯᠭᠡ ᠶᠢᠨ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠤᠢᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂

ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ

ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠪᠠ᠃ ᠰᠢᠦᠳᠠᠨ ᠬᠠᠳᠠᠭᠠᠯᠠᠮᠵᠢ ᠶᠢᠨ ᠪᠠᠩᠬᠢ ᠶᠢᠨ ᠥᠪᠥᠷ

ᠮᠣᠩᠭᠤᠯ ᠳᠠᠬᠢ ᠬᠤᠪᠢᠶᠠᠷᠢ ᠪᠠᠩᠬᠢ ᠨᠢ ᠪᠦᠬᠦ ᠣᠷᠣᠨ ᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ

ᠳᠡᠳᠬᠦᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠳᠠᠭᠠᠭᠠᠴᠢᠯᠠᠨ ᠡᠷᠬᠢᠯᠡᠵᠦ ᠪᠠᠶᠢᠭ᠎ᠠ ᠠᠩᠬᠠᠳᠠᠭᠴᠢ

ᠬᠤᠳᠠᠯᠳᠤᠭᠠᠨ ᠤ ᠪᠠᠩᠬᠢ ᠪᠣᠯᠤᠭᠰᠠᠨ ᠤ ᠬᠤᠪᠢ ᠳᠤ ᠰᠢᠦᠳᠠᠨ ᠬᠠᠳᠠᠭᠠᠯᠠᠮᠵᠢ ᠶᠢᠨ ᠪᠠᠩᠬᠢ ᠶᠢᠨ ᠬᠥᠭᠵᠢᠯᠲᠡ ᠶᠢᠨ

ᠣᠨᠣᠯᠵᠢᠬᠤᠨ ᠢ ᠵᠠᠯᠭᠠᠮᠵᠢᠯᠠᠵᠤ᠂ ᠰᠤᠷᠭᠠᠨ ᠬᠥᠮᠦᠵᠢᠯ ᠤᠨ ᠬᠦᠷᠢᠶᠡᠨ ᠳᠤ ᠨᠡᠩ ᠰᠠᠶᠢᠲᠤᠷ ᠦᠢᠯᠡᠴᠢᠯᠡᠵᠦ᠂

ᠠᠷᠠᠳ ᠲᠤ ᠠᠰᠢᠭ ᠬᠦᠷᠲᠡᠭᠡᠬᠦ ᠰᠣᠳᠣᠨ ᠢᠨᠵᠧᠨᠧᠷᠢᠩ ᠢ ᠪᠣᠶ ᠪᠣᠯᠭᠠᠵᠤ᠂ ᠨᠡᠶᠢᠭᠡᠮ ᠤᠨ ᠬᠠᠷᠢᠭᠤᠴᠠᠯᠭ᠎ᠠ ᠶᠢ

ᠵᠣᠷᠢᠭᠲᠠᠶ ᠪᠠᠷ ᠡᠭᠦᠷᠭᠡᠯᠡᠵᠦ᠂ ᠥᠷᠭᠡᠨ ᠣᠯᠠᠨ ᠰᠤᠷᠤᠭᠴᠢ ᠪᠣᠯᠤᠨ ᠭᠡᠷ ᠤᠨ ᠠᠬᠠᠮᠠᠳ ᠲᠤ ᠳᠠᠭᠠᠷᠠᠭᠰᠠᠨ ᠬᠥᠮᠦᠨ ᠳᠤ

ᠳᠠᠬᠤ ᠬᠦᠷᠭᠡᠵᠦ᠂ ᠵᠢᠭᠡᠯᠡᠭᠦᠯᠬᠦ ᠶᠣᠰᠣᠲᠠᠶ ᠶᠢ ᠪᠦᠬᠦᠨ ᠢ ᠵᠢᠭᠡᠯᠡᠭᠦᠯᠦᠨ᠎ᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号