︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ 2022 ᠣᠨ ᠤ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠢᠨ᠎ᠡ ᠥᠷᠨᠢᠯᠲᠡ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2022/6/20
     ᠠᠭᠠᠭᠢᠮ᠎ᠠ ᠵᠤᠨ ᠤ ᠬᠠᠯᠠᠭᠤᠨ ᠳᠤ ︽ᠭᠠᠷᠠᠭ ᠤᠨ ᠰᠡᠭᠦᠯᠴᠢ ᠶᠢᠨ ᠬᠤᠯᠪᠤᠭᠠᠲᠤ ᠤᠷᠤᠯᠳᠤᠭᠠᠨ︾ ᠬᠥᠷ ᠬᠥᠭᠵᠢᠶᠡᠨᠲᠡᠢ ᠡᠬᠢᠯᠡᠪᠡ᠃ 4 ᠰᠠᠷ᠎ᠠ ᠶᠢᠨ 9 ᠤ ᠡᠳᠦᠷ᠂ ︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠤᠷᠤᠯᠳᠤᠭᠠᠨ ᠤ ᠲᠣᠭᠤᠷᠢᠭ ᠡᠩ ᠲᠡᠷᠢᠭᠦᠨ ᠳᠤ ︽ᠭᠠᠪᠰᠢᠭᠠᠶᠢᠯᠠᠬᠤ ᠪᠦᠷᠢᠶ᠎ᠡ︾ ᠶᠢ ᠬᠠᠩᠭᠢᠨᠠᠭᠤᠯᠵᠤ᠂ ᠵᠠᠯᠭᠠᠭᠠᠳ 4 ᠰᠠᠷ᠎ᠠ ᠶᠢᠨ 25 ᠤ ᠡᠳᠦᠷ ᠲᠦᠩᠯᠢᠶᠣᠤ ᠬᠤᠲᠠ ᠶᠢᠨ ᠬᠤᠷᠴᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ︔ 5 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ᠳᠠᠯᠠᠳ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ︔ 5 ᠰᠠᠷ᠎ᠠ ᠶᠢᠨ 25 ᠤ ᠡᠳᠦᠷ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ︔ 5 ᠰᠠᠷ᠎ᠠ ᠶᠢᠨ 27 ᠤ ᠡᠳᠦᠷ᠂ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ︔ 6 ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠰᠢᠨ᠎ᠡ ᠬᠤᠲᠠ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠪᠠ ᠰᠠᠶᠢᠬᠠᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠵᠡᠷᠭᠡ ᠪᠠᠷ ᠡᠬᠢᠯᠡᠪᠡ︔ 6 ᠰᠠᠷ᠎ᠠ ᠶᠢᠨ 16 ᠤ ᠡᠳᠦᠷ᠂ ᠪᠤᠭᠤᠲᠤ ᠬᠤᠲᠠ ᠶᠢᠨ ᠬᠥᠨᠳᠡᠯᠡᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ ᠁ ᠡᠯ᠎ᠡ ᠠᠶᠢᠮᠠᠭ ᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠵᠠᠯᠭᠠᠭ᠎ᠠ ᠪᠠᠷ ᠡᠬᠢᠯᠡᠬᠦ ᠶᠢ ᠳᠠᠭᠠᠯᠳᠤᠨ᠂ ᠬᠥᠯ ᠪᠥᠮᠪᠦᠭᠡᠨ ᠤ ᠬᠠᠯᠠᠭᠤᠨ ᠤᠷᠤᠰᠬᠠᠯ ᠰᠤᠷᠭᠠᠭᠤᠯᠢ ᠶᠢᠨ ᠬᠦᠷᠢᠶᠡᠨ ᠳᠤ ᠬᠠᠯᠭᠢᠯᠠᠵᠤ᠂ ᠨᠣᠭᠤᠭᠠᠨ ᠵᠦᠯᠭᠡᠲᠦ ᠲᠠᠯᠠᠪᠠᠶ ᠳᠠᠬᠢ ᠪᠢᠴᠢᠬᠠᠨ ᠬᠥᠯ ᠪᠥᠮᠪᠦᠭᠡᠴᠢᠳ ᠴᠤ ᠣᠷᠭᠢᠯᠤᠮ᠎ᠠ ᠰᠡᠳᠬᠢᠯᠭᠡ ᠪᠠᠷ ᠵᠤᠨ ᠢ ︽ᠬᠥᠭᠵᠢᠭᠡᠪᠡ︾᠃

     ᠦᠬᠠᠶ ᠬᠤᠲᠠ ᠶᠢᠨ ᠬᠠᠶᠢᠷᠤᠪ ᠤᠨ ᠲᠣᠬᠤᠢ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ

     ᠲᠠᠯᠠᠪᠠᠢ

     ᠬᠥᠬᠡᠬᠤᠲᠠ ᠶᠢᠨ ᠰᠢᠨ᠎ᠡ ᠬᠤᠲᠠ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     ᠣᠷᠳᠣᠰ ᠬᠤᠲᠠ ᠶᠢᠨ ᠬᠢᠶ᠎ᠠ ᠪᠠᠭᠰᠢ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠶ

     ᠪᠤᠭᠤᠲᠤ ᠬᠤᠲᠠ ᠶᠢᠨ ᠬᠥᠨᠳᠡᠯᠡᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     2019 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ

ᠭᠤᠤᠯᠯᠠᠨ ᠡᠷᠭᠢᠯᠡᠵᠦ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶

 ᠤᠨ ᠲᠣᠪᠴᠢᠶ᠎ᠠ ᠠᠴᠠ ᠬᠠᠮᠵᠢᠨ ᠡᠷᠭᠢᠯᠡᠵᠦ᠂ ᠬᠥᠯ ᠪᠥᠮᠪᠦᠭᠡᠨ ᠤ ᠰᠤᠪᠠᠭ ᠠᠴᠠ ᠳᠠᠭᠠᠭᠠᠴᠢᠯᠠᠨ ᠡᠷᠭᠢᠯᠡᠭᠰᠡᠨ

︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠬᠥᠭᠵᠢᠯᠲᠡ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠥᠪᠥᠷ ᠮᠣᠩᠭᠤᠯ ᠤᠨ ᠵᠠᠯᠠᠭᠤᠴᠤᠳ

ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠳᠦᠷ ᠢ ᠵᠢᠩᠬᠢᠨᠢ ᠪᠠᠷ ᠡᠬᠢᠯᠡᠭᠦᠯᠪᠡ᠃

2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ

ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ

ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂

︽ᠵᠢᠭᠠᠵᠤ ᠰᠤᠷᠭᠠᠬᠤ᠂ ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ︾ ᠰᠤᠷᠭᠠᠭᠤᠯᠢ ᠶᠢᠨ ᠪᠡᠶ᠎ᠡ ᠶᠢᠨ

ᠲᠠᠮᠢᠷ ᠤᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ᠎ᠠ ᠭᠡᠵᠦ ᠳᠤᠷᠠᠳᠪᠠ᠃ ᠡᠭᠦᠨ ᠳᠤ᠂ ᠪᠠᠶᠢᠩᠭᠤ

ᠤᠷᠤᠯᠳᠤᠬᠤ ᠨᠢ ᠵᠢᠭᠠᠵᠤ ᠰᠤᠷᠭᠠᠬᠤ ᠪᠠ ᠰᠢᠷᠭᠠᠭᠤ ᠪᠣᠯᠪᠠᠰᠤᠷᠠᠬᠤ ᠶᠢᠨ ᠦᠷᠭᠦᠯᠵᠢᠯᠡᠯ ᠪᠣᠯᠤᠭᠰᠠᠨ ᠤ ᠬᠤᠪᠢ ᠳᠤ

ᠭᠡᠳᠡᠷᠭᠦ ᠪᠠᠨ ᠵᠢᠭᠠᠵᠤ ᠰᠤᠷᠭᠠᠬᠤ ᠪᠠ ᠰᠢᠷᠭᠠᠭᠤ ᠪᠣᠯᠪᠠᠰᠤᠷᠠᠬᠤ ᠶᠢ ᠨᠥᠯᠥᠭᠡᠯᠡᠬᠦ ᠪᠣᠯᠤᠨ᠎ᠠ᠃ ᠡᠶᠢᠮᠦ ᠠᠴᠠ

ᠤᠷᠤᠯᠳᠤᠭᠠᠨ ᠤ ᠳᠠᠪᠲᠠᠮᠵᠢ ᠨᠠᠩ ᠥᠨᠳᠥᠷ᠂ ᠴᠠᠭ ᠤᠨ ᠠᠯᠭᠠᠰᠠᠯ ᠨᠠᠩ ᠶᠡᠭᠡ᠂ ᠬᠠᠮᠤᠷᠬᠤ ᠬᠡᠪᠴᠢᠶ᠎ᠡ ᠨᠠᠩ ᠥᠷᠭᠡᠨ

︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠢ ᠪᠣᠢ ᠪᠣᠯᠭᠠᠵᠤ᠂ ᠨᠠᠩ ᠣᠯᠠᠨ ᠰᠤᠷᠤᠭᠴᠢ ᠳᠤ

ᠤᠷᠤᠯᠳᠤᠭᠠᠨ ᠤ ᠬᠠᠪᠤ ᠴᠡᠩᠭᠡᠯ ᠢ ᠡᠳ᠋ᠯᠡᠭᠦᠯᠵᠦ᠂ ᠤᠷᠤᠯᠳᠤᠭᠠᠨ ᠤ ᠦᠢᠯᠡᠳᠦᠯ ᠢ ᠪᠡᠶᠡᠴᠢᠯᠡᠨ ᠣᠶᠢᠯᠠᠭᠠᠭᠤᠯᠤᠭᠰᠠᠨ ᠤ

ᠬᠠᠮᠲᠤ ᠬᠥᠯ ᠪᠥᠮᠪᠦᠭᠡᠨ ᠤ ᠤᠷ᠎ᠠ ᠮᠡᠷᠭᠡᠰᠢᠯ ᠢ ᠨᠠᠩ ᠪᠠᠲᠤ ᠡᠵᠡᠮᠰᠢᠭᠦᠯᠪᠡ᠃ ︽ᠭᠠᠷᠠᠭ ᠤᠨ ᠰᠡᠭᠦᠯᠴᠢ ᠶᠢᠨ

ᠬᠤᠯᠪᠣᠭᠠᠲᠤ ᠤᠷᠤᠯᠳᠤᠭᠠᠨ︾ ᠨᠢ ᠪᠠᠰᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠥᠷᠪᠡᠳᠦᠭᠡᠷ

ᠳᠡᠰ ᠤᠨ ᠬᠤᠯᠪᠣᠭᠠᠲᠤ ᠤᠷᠤᠯᠳᠤᠭᠠᠨ ᠢ ᠪᠦᠲᠦᠮᠵᠢᠲᠡᠶ ᠵᠣᠯᠭᠠᠭᠤᠯᠵᠤ᠂ ᠣᠯᠠᠨ ᠬᠡᠮᠵᠢᠯᠳᠦ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠳᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠤᠷᠤᠯᠳᠤᠭᠠᠨ ᠢ ᠲᠥᠭᠡᠮᠡᠯᠵᠢᠭᠦᠯᠬᠦ᠂ ᠡᠳᠦᠷ  ᠳᠤᠲᠤᠮᠵᠢᠭᠤᠯᠬᠤ᠂ ᠰᠢᠰᠲ᠋ᠧᠮᠵᠢᠭᠦᠯᠬᠦ ᠪᠠ

ᠦᠷᠭᠦᠯᠵᠢᠯᠡᠭᠦᠯᠬᠦ ᠶᠢ ᠪᠡᠶᠡᠯᠡᠭᠦᠯᠵᠦ᠂ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠤᠷᠤᠯᠳᠤᠭᠠᠨ ᠤ ᠬᠢᠷᠢ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠪᠠ᠃

     ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ

     ᠲᠠᠯᠠᠪᠠᠢ

     ᠬᠥᠬᠡᠬᠤᠲᠠ ᠶᠢᠨ ᠰᠠᠶᠢᠬᠠᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     ᠲᠦᠩᠯᠢᠶᠣᠤ ᠬᠤᠲᠠ ᠶᠢᠨ ᠬᠤᠷᠴᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     ᠣᠷᠳᠣᠰ ᠬᠤᠲᠠ ᠶᠢᠨ ᠣᠲᠤᠭ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ

     ᠲᠠᠯᠠᠪᠠᠶ

     2022 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠳᠤ 21 ᠤᠷᠤᠯᠳᠤᠭᠠᠨ ᠤ

ᠲᠣᠭᠤᠷᠢᠭ ᠢ ᠤᠷᠤᠯᠳᠤᠭᠠᠨ ᠳᠤ ᠣᠷᠣᠯᠴᠠᠭᠤᠯᠵᠤ᠂ ᠣᠷᠳᠣᠰ ᠬᠤᠲᠠ ᠶᠢᠨ ᠣᠲᠤᠭ ᠬᠤᠰᠢᠭᠤᠨ ᠤ ᠰᠢᠨ᠎ᠡ

ᠰᠣᠳᠣᠨ ᠤᠷᠤᠯᠳᠤᠭᠠᠨ ᠤ ᠲᠣᠭᠤᠷᠢᠭ ᠤᠨ ᠣᠷᠣᠯᠴᠠᠭᠰᠠᠨ ᠨᠢ ︽ᠭᠠᠷᠠᠭ ᠤᠨ ᠰᠡᠭᠦᠯᠴᠢ ᠶᠢᠨ ᠬᠤᠯᠪᠣᠭᠠᠲᠤ

ᠤᠷᠤᠯᠳᠤᠭᠠᠨ︾ ᠤ ᠨᠥᠯᠥᠭᠡᠯᠡᠬᠦ ᠬᠡᠪᠴᠢᠶ᠎ᠡ ᠨᠠᠩ ᠥᠷᠭᠡᠨ᠂ ᠨᠥᠯᠥᠭᠡᠯᠡᠬᠦ ᠬᠦᠴᠦᠨ ᠨᠠᠩ ᠶᠡᠭᠡ᠂ ᠣᠷᠣᠯᠴᠠᠭᠰᠠᠨ

ᠬᠥᠮᠦᠨ ᠤ ᠲᠤᠭ᠎ᠠ ᠨᠠᠩ ᠣᠯᠠᠨ ᠪᠣᠯᠭᠠᠵᠠᠢ᠃

     ᠣᠷᠳᠣᠰ ᠬᠤᠲᠠ ᠶᠢᠨ ᠳ᠋ᠦᠩᠱᠧᠩ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠶ

     ᠣᠷᠳᠣᠰ ᠬᠤᠲᠠ ᠶᠢᠨ ᠳᠠᠯᠠᠳ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ

     ᠲᠠᠯᠠᠪᠠᠢ

     ᠪᠤᠭᠤᠲᠤ ᠬᠤᠲᠠ ᠶᠢᠨ ᠳ᠋ᠦᠩ ᠾᠧ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     ᠪᠤᠭᠤᠲᠤ ᠬᠤᠲᠠ ᠶᠢᠨ ᠴᠢᠩ ᠱᠠᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠠᠬᠤᠢ ᠲᠠᠯᠠᠪᠠᠢ

     ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ

      ᠤ ᠠᠬᠤᠢ ᠲᠠᠯᠠᠪᠠᠢ

     ᠣᠶᠢᠷ᠎ᠠ ᠶᠢᠨ ᠵᠢᠯ᠂ ︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠨᠢ ︽ᠪᠠᠶᠠᠷ ᠪᠠᠶᠠᠰᠤᠯᠲᠤ

ᠬᠥᠯ ᠪᠥᠮᠪᠦᠭᠡ ᠮᠢᠨᠦ ᠭᠤᠤᠯ ᠲᠠᠯᠠᠪᠠᠢ︾ ᠪᠠᠷ ᠭᠤᠤᠯ ᠰᠡᠳᠦᠪ ᠪᠣᠯᠭᠠᠵᠤ᠂ ᠡᠵᠡᠨ ᠪᠠ ᠵᠣᠴᠢᠨ ᠤ ᠲᠠᠯᠠᠪᠠᠢ ᠶᠢᠨ

ᠬᠤᠤᠰ ᠣᠷᠴᠢᠯᠲᠤ ᠤᠷᠤᠯᠳᠤᠭᠠᠨ ᠤ ᠲᠦᠷᠢᠮ ᠢ ᠬᠡᠷᠡᠭᠯᠡᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠰᠣᠶᠣᠯ ᠢ ᠲᠠᠰᠤᠷᠠᠯᠲᠠ ᠥᠬᠡᠶ ᠭᠦᠨᠵᠡᠭᠡᠶ ᠠᠭᠤᠳᠠᠯᠤᠨ ᠥᠷᠭᠡᠳᠬᠡᠵᠦ᠂ ᠰᠣᠷᠣᠭᠴᠢ᠂ ᠬᠡᠷ ᠤᠨ ᠠᠬᠠᠮᠠᠳ᠂ ᠪᠠᠭᠰᠢ᠂

ᠰᠤᠷᠭᠠᠭᠴᠢ ᠵᠡᠷᠭᠡ ᠡᠯ᠎ᠡ ᠬᠠᠮᠲᠤᠯᠢᠭ ᠤᠨ ᠬᠢᠨ ᠬᠤᠯᠪᠤᠭᠠᠲᠤ ᠤᠷᠤᠯᠳᠤᠭᠠᠨ ᠢ ᠬᠠᠮᠲᠤ ᠪᠠᠷ ᠠᠩᠬᠠᠷᠴᠤ᠂ ᠳᠡᠮᠵᠢᠵᠦ᠂

ᠣᠷᠣᠯᠴᠠᠵᠤ᠂ ᠠᠭᠤᠰᠤᠯᠴᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢ ᠬᠥᠲᠥᠯᠦᠨ ᠵᠢᠯᠣᠭᠤᠳᠴᠤ ᠥᠪᠡᠷᠮᠢᠴᠡ

ᠣᠨᠴᠠᠯᠢᠭᠲᠤ ᠡᠵᠡᠨ ᠲᠠᠯᠠᠪᠠᠢ ᠶᠢᠨ ᠰᠣᠶᠣᠯ ᠪᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠰᠣᠶᠣᠯ ᠢ ᠪᠣᠶ ᠪᠣᠯᠭᠠᠪᠠ᠃ ︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠬᠥᠷ

ᠬᠥᠭᠵᠢᠶᠡᠨᠲᠡᠶ ᠶᠠᠪᠤᠭᠳᠠᠵᠤ᠂ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡ ᠶᠢ ᠭᠦᠨᠵᠡᠭᠡᠶ ᠲᠥᠭᠡᠮᠡᠯᠵᠢᠭᠦᠯᠦᠭᠰᠡᠨ ᠦᠷ᠎ᠡ ᠪᠥᠲᠦᠮᠵᠢ ᠶᠢ ᠤᠯᠠᠮ ᠨᠢᠭᠡ ᠠᠯᠬᠤᠮ

ᠪᠠᠬᠢᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠠᠩ ᠣᠯᠠᠨ ᠵᠠᠯᠠᠭᠤᠴᠤᠳ ᠪᠠᠭᠠᠴᠤᠳ ᠢ ᠳᠠᠶᠢᠴᠢᠯᠠᠨ ᠬᠥᠯ

ᠪᠥᠮᠪᠦᠭᠡᠨ ᠤ ᠰᠣᠶᠣᠯ ᠢ ᠣᠶᠢᠯᠠᠭᠠᠭᠤᠯᠵᠤ᠂ ᠬᠥᠯ ᠪᠥᠮᠪᠦᠭᠡᠨ ᠤ ᠷᠢᠳᠢ ᠰᠢᠳᠢ ᠶᠢ ᠮᠡᠳᠡᠷᠡᠭᠦᠯᠵᠦ᠂ ᠬᠥᠯ

ᠪᠥᠮᠪᠦᠭᠡᠨ ᠤ ᠬᠠᠪᠤ ᠴᠡᠩᠭᠡᠯ ᠢ ᠡᠳ᠋ᠯᠡᠭᠦᠯᠵᠦ᠂ ᠬᠥᠯ ᠪᠥᠮᠪᠦᠭᠡᠨ ᠤ ᠬᠥᠳᠡᠯᠭᠡᠭᠡᠨ ᠳᠤ ᠪᠠᠭ᠋ᠠᠲᠠᠶ ᠪᠣᠯᠭᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号