| | 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠡᠯ᠎ᠡ ᠰᠣᠳᠤᠯᠬᠤ ᠰᠤᠷᠤᠭᠴᠢ ᠶᠢ ᠬᠥᠮᠦᠵᠢᠭᠦᠯᠬᠦ ᠳᠡᠭᠡᠳᠦ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠤ ᠪᠠᠷ ᠰᠤᠷᠭᠠᠨ ᠬᠥᠮᠦᠵᠢᠯ ᠤᠨ ᠲᠢᠩᠬᠢᠮ ᠤᠨ ᠨᠢᠭᠡᠳᠦᠯᠲᠡᠶ | ᠪᠠᠶᠢᠷᠢᠯᠠᠭᠤᠯᠤᠯᠲᠠ ᠶᠢ ᠵᠢᠷᠤᠮᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠬᠠᠮ ᠵᠠᠭᠤᠴᠢᠯᠠᠭᠤᠷ ᠤᠨ ᠮᠡᠳᠡᠭᠡ ᠵᠠᠩᠭᠢ ᠶᠢᠨ ᠮᠡᠷᠭᠡᠵᠢᠯ ᠢ ᠪᠠᠶᠢᠭᠤᠯᠵᠤ᠂ ᠬᠢᠴᠢᠶᠡᠯ | ᠲᠥᠷᠥᠯ ᠤᠨ ᠲᠤᠰᠬᠠᠶ ᠮᠡᠷᠭᠡᠵᠢᠯ ᠤᠨ ᠣᠨᠴᠠᠯᠢᠭ ᠲᠠᠢ ᠤᠶᠠᠯᠳᠤᠭᠤᠯᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠬᠠᠮᠤᠭ ᠤᠨ ᠰᠠᠶᠢᠨ ᠰᠦᠯᠵᠢᠶᠡᠨ ᠳᠠᠬᠢ ᠬᠥᠮᠦᠨ ᠢ | ᠬᠥᠮᠦᠵᠢᠭᠦᠯᠬᠦ ᠣᠷᠴᠢᠨ ᠲᠣᠭᠤᠷᠢᠨ ᠢ ᠡᠭᠦᠳᠴᠦ᠂ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠲᠣᠭᠲᠠᠭᠤᠨ ᠪᠥᠭᠡᠳ ᠡᠮᠬᠢ ᠵᠢᠷᠤᠮᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | | | ᠥᠪᠥᠷ ᠮᠣᠩᠭᠤᠯ ᠤᠨ ᠶᠡᠭᠡ ᠰᠤᠷᠭᠠᠭᠤᠯᠢ᠄ ︽ᠬᠡᠷ ᠲᠤ ᠪᠠᠨ︾ ᠰᠤᠷᠤᠯᠴᠠᠵᠤ᠂ ᠪᠠᠭᠰᠢ ᠰᠣᠷᠣᠭᠴᠢ | ᠬᠠᠮᠲᠤ ᠪᠠᠷ ᠰᠢᠯᠢᠳᠡᠭ ᠪᠦᠲᠦᠮᠵᠢ ᠣᠯᠪᠠ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠣᠳᠤᠯᠬᠤ ᠰᠤᠷᠤᠭᠴᠢ ᠶᠢᠨ ᠭᠠᠳᠠᠭᠠᠳᠤ ᠬᠡᠯᠡᠨ ᠤ ᠵᠢᠭᠠᠨ | ᠰᠤᠷᠭᠠᠯᠲᠠ ᠶᠢᠨ ᠪᠦᠯᠬᠦᠮ ᠤᠨ ᠬᠢᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠶᠣᠰᠤ ᠪᠠᠷ 2021 ᠣᠨ ᠤ ᠡᠷᠳᠡᠮ ᠰᠢᠨᠵᠢᠯᠡᠭᠡᠨ ᠤ ᠬᠡᠯᠪᠡᠷᠢ ᠶᠢᠨ 941 ᠰᠣᠳᠤᠯᠬᠤ ᠰᠤᠷᠤᠭᠴᠢ ᠳᠤ | ᠰᠦᠯᠵᠢᠶ᠎ᠡ ᠪᠠᠷ ︽ᠰᠣᠳᠤᠯᠬᠤ ᠰᠤᠷᠤᠭᠴᠢ ᠶᠢᠨ ᠡᠷᠳᠡᠮ ᠰᠢᠨᠵᠢᠯᠡᠭᠡᠨ ᠤ ᠠᠩᠭ᠍ᠯᠢ ᠬᠡᠯᠡ︾ ᠶᠢ ᠵᠢᠭᠠᠪᠠ᠃ ᠵᠢᠭᠠᠨ | ᠰᠤᠷᠭᠠᠯᠲᠠ ᠶᠢᠨ ᠪᠦᠯᠬᠦᠮ ᠠᠴᠠ ︽ᠡᠷᠳᠡᠮ ᠰᠢᠨᠵᠢᠯᠡᠭᠡᠴᠢᠯᠡᠬᠦ + ᠳᠡᠯᠡᠬᠡᠶᠢᠴᠢᠯᠡᠬᠦ + ᠦᠵᠡᠯ ᠰᠠᠨᠠᠭ᠎ᠠ ᠤᠯᠤᠰ | ᠲᠥᠷᠥᠴᠢᠯᠡᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ ᠳᠣᠲᠣᠭᠠᠳᠤ ᠴᠥᠮ᠎ᠡ ᠶᠢ | ᠲᠣᠭᠲᠠᠭᠠᠪᠠ᠃ ᠪᠠᠭᠰᠢ ᠨᠠᠷ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠲᠠᠪᠴᠠᠩ ᠤᠨ ᠳᠠᠪᠠᠭᠤᠯᠢᠭ ᠢ ᠭᠦᠢᠴᠡᠳ | ᠠᠰᠢᠭᠯᠠᠨ᠂ ᠡᠭᠦᠷᠭᠡᠲᠦ᠂ ᠬᠠᠮᠵᠢᠯᠴᠠᠭᠠᠲᠤ + MOOCs ᠤᠨ ᠬᠤᠯᠢᠮᠠᠭ ᠵᠢᠭᠠᠨ ᠰᠤᠷᠭᠠᠯᠲᠠ ᠶᠢᠨ ᠠᠷᠭ᠎ᠠ ᠶᠢ | ᠬᠡᠷᠡᠭᠯᠡᠪᠡ᠃ ᠬᠢᠴᠢᠶᠡᠯᠯᠡᠭᠡ ᠨᠢ ︽ᠪᠠᠭᠰᠢ ᠵᠢᠭᠠᠵᠤ ᠬᠥᠲᠥᠯᠥᠨ ᠵᠢᠯᠣᠭᠤᠳᠬᠤ+ᠰᠤᠷᠤᠭᠴᠢᠳ ᠳᠤᠭᠤᠶᠢᠯᠠᠩ ᠢᠶᠠᠷ | ᠬᠠᠮᠵᠢᠯᠴᠠᠨ ᠰᠤᠷᠤᠯᠴᠠᠬᠤ + ᠰᠦᠯᠵᠢᠶᠡᠨ ᠳᠤ ᠬᠠᠷᠢᠭᠤ ᠮᠡᠳᠡᠭᠦᠯᠬᠦ ᠦᠵᠡᠭᠦᠯᠭᠡ + ᠡᠷᠳᠡᠮ ᠰᠢᠨᠵᠢᠯᠡᠭᠡᠨ ᠤ | ᠬᠤᠪᠢᠶᠠᠯᠴᠠᠨ ᠡᠳ᠋ᠯᠡᠬᠦ ᠰᠡᠩᠬᠡᠷᠡᠭᠦᠯᠬᠦ + ᠠᠰᠠᠭᠤᠯᠲᠠ᠂ ᠬᠠᠷᠢᠭᠤᠯᠲᠠ᠂ ᠶᠠᠷᠢᠯᠴᠠᠭ᠎ᠠ᠂ ᠬᠠᠷᠢᠭᠤ ᠪᠤᠴᠠᠭᠠᠯᠲᠠ︾ ᠶᠢᠨ | ᠵᠠᠭᠪᠤᠷ ᠢ ᠬᠡᠷᠡᠭᠯᠡᠵᠦ᠂ ᠬᠢᠴᠢᠶᠡᠯ ᠤᠨ ᠳᠠᠷᠠᠭ᠎ᠠ ᠰᠤᠷᠤᠭᠴᠢᠳ ᠢ ᠪᠢᠴᠢᠭ ᠤᠨ ᠬᠡᠯᠪᠡᠷᠢ ᠪᠠᠷ ᠰᠤᠷᠤᠯᠴᠠᠭᠰᠠᠨ | ᠮᠡᠳᠡᠭᠦᠯᠦᠯᠲᠡ ᠲᠤᠰᠢᠶᠠᠬᠤ ᠶᠢ ᠱᠠᠭᠠᠷᠳᠠᠪᠠ᠃ | | | | | | ᠵᠢᠭᠠᠨ ᠰᠤᠷᠭᠠᠯᠲᠠ ᠶᠢᠨ ᠪᠦᠯᠬᠦᠮ ᠠᠴᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠬᠠᠷᠠᠭᠠᠯᠵᠠᠵᠤ᠂ ᠵᠢᠭᠠᠨ ᠰᠤᠷᠭᠠᠯᠲᠠ ᠶᠢᠨ ᠶᠠᠪᠤᠴᠠ ᠳᠤ ᠰᠡᠳᠬᠢᠴᠡ ᠶᠢᠨ ᠵᠢᠯᠣᠭᠤᠳᠤᠯᠭ᠎ᠠ ᠬᠢᠬᠦ ᠶᠢ ᠨᠡᠮᠡᠭᠰᠡᠨ ᠤ | ᠬᠠᠮᠲᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠪᠣᠷᠣ ᠮᠠᠲ᠋ᠧᠷᠢᠶᠠᠯ ᠳᠤ ᠠᠭᠤᠰᠬᠠᠵᠤ᠂ ᠡᠬᠡ ᠣᠷᠣᠨᠴᠢ | ᠦᠵᠡᠯ ᠰᠠᠨᠠᠭ᠎ᠠ ᠪᠣᠯᠤᠨ ᠡᠷᠳᠡᠮ ᠰᠢᠨᠵᠢᠯᠡᠭᠡᠨ ᠢᠶᠠᠷ ᠡᠬᠡ ᠤᠯᠤᠰ ᠲᠤ ᠪᠠᠨ ᠵᠢᠳᠬᠦᠬᠦ ᠬᠠᠶᠢᠷ᠎ᠠ ᠰᠡᠳᠬᠢᠯᠭᠡ ᠶᠢ | ᠵᠤᠵᠠᠭᠠᠳᠬᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠰᠤᠷᠭᠠᠨ ᠬᠥᠮᠦᠵᠢᠯ ᠤᠨ | ᠬᠠᠷᠠᠯᠲᠠ ᠶᠢ ᠪᠡᠶᠡᠯᠡᠭᠦᠯᠪᠡ᠃ | | | | | | | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠄ ᠮᠡᠳᠡᠭᠡ ᠵᠠᠩᠭᠢᠴᠢᠯᠠᠯᠲᠠ ᠶᠢᠨ ᠣᠷᠴᠢᠨ ᠳᠤ | ᠰᠠᠭᠤᠷᠢᠯᠠᠵᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠪᠠ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠᠭᠰᠢ ᠨᠠᠷ ᠢ ᠬᠥᠲᠥᠯᠥᠨ ᠵᠢᠯᠣᠭᠤᠳᠴᠤ᠂ ᠮᠡᠳᠡᠭᠡ | ᠵᠠᠩᠭᠢᠴᠢᠯᠠᠯᠲᠠ ᠪᠠᠷ ᠬᠥᠮᠦᠨ ᠢ ᠬᠥᠮᠦᠵᠢᠭᠦᠯᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠳᠠᠮᠵᠢᠭᠤᠯᠤᠨ᠂ ᠰᠣᠳᠤᠯᠬᠤ | ᠰᠤᠷᠤᠭᠴᠢ ᠶᠢᠨ ᠰᠤᠷᠭᠠᠨ ᠬᠥᠮᠦᠵᠢᠯ ᠳᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠦᠨᠡᠨ ᠬᠦ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ | ᠲᠣᠪᠤᠶᠢᠯᠭᠠᠪᠠ᠃ | | | | | | | ᠮᠡᠳᠡᠭᠡ ᠵᠠᠩᠭᠢ ᠶᠢᠨ ᠲᠠᠪᠴᠠᠩ ᠳᠤ ᠰᠠᠭᠤᠷᠢᠯᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ | ᠣᠷᠴᠢᠨ ᠨᠥᠬᠦᠴᠡᠯ ᠢ ᠪᠤᠢ ᠪᠣᠯᠭᠠᠪᠠ᠃ ᠰᠤᠷᠭᠠᠭᠤᠯᠢ ᠨᠢ ᠲᠠᠪᠴᠠᠩ ᠤᠨ ᠮᠡᠷᠭᠡᠵᠢᠯ ᠤᠨ ᠪᠠᠶᠢᠭᠤᠯᠤᠯᠲᠠ᠂ ᠨᠠᠷᠠᠲᠤ | ᠬᠥᠮᠦᠰ ᠤᠨ ᠲᠠᠶᠢᠯᠤᠨ ᠤ ᠤᠷᠭᠠᠨᠢᠭ ᠰᠢᠭᠢᠳᠭᠡᠯ᠂ ᠬᠢᠴᠢᠶᠡᠯ ᠤᠨ ᠡᠬᠢ ᠪᠠᠶᠠᠯᠢᠭ ᠤᠨ ᠪᠠᠶᠢᠭᠤᠯᠤᠯᠲᠠ᠂ ᠪᠣᠰᠤᠭ᠎ᠠ | ᠴᠣᠭᠴᠠᠲᠤ ᠣᠯᠠᠨ ᠲᠠᠯᠠᠲᠤ ᠰᠣᠳᠤᠯᠬᠤ ᠰᠤᠷᠤᠭᠴᠢ ᠶᠢᠨ ᠰᠦᠯᠵᠢᠶ᠎ᠡ ᠳᠠᠬᠢ ᠬᠥᠮᠦᠨ ᠢ ᠬᠥᠮᠦᠵᠢᠭᠦᠯᠬᠦ ᠣᠷᠴᠢᠨ ᠢ | ᠪᠠᠶᠢᠭᠤᠯᠪᠠ᠃ ᠰᠤᠷᠭᠠᠭᠤᠯᠢ᠂ ᠳᠡᠭᠡᠳᠦ ᠰᠤᠷᠭᠠᠭᠤᠯᠢ ᠪᠠ ᠡᠷᠳᠡᠮ ᠤᠨ ᠴᠣᠯᠠ ᠶᠢᠨ ᠴᠡᠭ ᠢ ᠭᠤᠷᠪᠠᠨ ᠱᠠᠳᠤ ᠪᠠᠷ | ᠬᠢᠨᠠᠨ ᠵᠢᠯᠣᠭᠤᠳᠬᠤ ᠶᠢ ᠤᠶᠠᠯᠳᠤᠭᠤᠯᠵᠤ᠂ ᠰᠣᠳᠤᠯᠬᠤ ᠰᠤᠷᠤᠭᠴᠢ ᠶᠢᠨ ᠬᠢᠴᠢᠶᠡᠯ ᠰᠤᠷᠤᠯᠴᠠᠯᠭ᠎ᠠ᠂ ᠡᠷᠳᠡᠮ | ᠰᠢᠨᠵᠢᠯᠡᠭᠡᠨ ᠤ ᠬᠥᠭᠵᠢᠯᠲᠡ᠂ ᠦᠢᠯᠡᠳᠦᠯᠭᠡ ᠶᠢᠨ ᠰᠤᠳᠤᠯᠭᠠᠨ ᠢ ᠵᠡᠷᠭᠡ ᠪᠠᠷ ᠵᠣᠬᠢᠴᠠᠭᠤᠯᠬᠤ ᠶᠢ ᠠᠬᠢᠭᠤᠯᠪᠠ︔ | ᠬᠥᠭᠵᠢᠯ ᠤᠨ ᠬᠠᠨᠳᠤᠰᠢ ᠶᠢ ᠦᠵᠡᠵᠦ ᠬᠥᠲᠦᠯᠦᠨ ᠵᠢᠯᠣᠭᠤᠳᠴᠤ ᠬᠢᠴᠢᠶᠡᠯ ᠤᠨ ᠠᠭᠤᠯᠭ᠎ᠠ ᠶᠢᠨ ᠳᠣᠭᠲᠠᠯᠴᠠᠭ᠎ᠠ ᠶᠢ | ᠰᠢᠯᠢᠳᠡᠭᠵᠢᠭᠦᠯᠵᠦ᠂ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ ᠣᠨᠣᠯ ᠤᠨ | ᠠᠭᠤᠯᠭ᠎ᠠ᠂ ᠦᠢᠯᠡᠳᠦᠯᠭᠡ ᠶᠢᠨ ᠵᠢᠭᠠᠨ ᠰᠤᠷᠭᠠᠯᠲᠠ ᠪᠠ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠵᠡᠷᠭᠡ | ᠠᠭᠤᠯᠭ᠎ᠠ ᠶᠢᠨ ᠲᠣᠬᠢᠷᠠᠭᠤᠯᠤᠯᠲᠠ ᠪᠠ ᠢᠯᠡᠷᠡᠭᠦᠯᠬᠦ ᠠᠷᠭ᠎ᠠ ᠮᠠᠶ᠋ᠢᠭ ᠢ ᠲᠣᠬᠢᠷᠠᠭᠤᠯᠪᠠ︔ ᠰᠣᠷᠣᠭᠴᠢ ᠪᠠᠷ | ᠭᠤᠣᠯᠯᠠᠭᠤᠯᠬᠤ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠠᠭᠰᠢ ᠨᠠᠷ ᠰᠢᠭᠤᠳ | ᠨᠡᠪᠲᠡᠷᠡᠭᠦᠯᠭᠡ ᠪᠠᠷ ᠰᠦᠯᠵᠢᠶᠡᠨ ᠳᠤ ᠰᠤᠳᠤᠯᠤᠨ ᠶᠠᠷᠢᠯᠴᠠᠬᠤ᠂ ᠰᠦᠯᠵᠢᠶᠡᠨ ᠳᠤ ᠨᠣᠮ ᠤᠩᠰᠢᠬᠤ ᠶᠢ ᠬᠤᠪᠢᠶᠠᠯᠴᠠᠨ | ᠡᠳ᠋ᠯᠡᠬᠦ ᠪᠠ ᠰᠣᠯᠢᠯᠴᠠᠵᠤ᠂ ᠨᠠᠷᠠᠲᠤ ᠬᠥᠮᠦᠰ ᠤᠨ ᠲᠠᠶᠢᠯᠤᠨ ᠤ ᠰᠢᠭᠢᠳᠭᠡᠯ ᠪᠤᠶᠤ MOOC ᠡᠬᠢ ᠪᠠᠶᠠᠯᠢᠭ ᠢ | ᠠᠭᠤᠰᠬᠠᠵᠤ᠂ ᠥᠭᠦᠯᠡᠯ ᠪᠢᠴᠢᠬᠦ ᠶᠢ ᠰᠦᠯᠵᠢᠶᠡᠨ ᠳᠤ ᠵᠢᠯᠣᠭᠤᠳᠬᠤ᠂ ᠬᠢᠴᠢᠶᠡᠯ ᠤᠨ ᠭᠠᠳᠠᠨᠠᠬᠢ ᠡᠭᠦᠷᠭᠡ ᠶᠢ | ᠥᠨᠳᠥᠷ ᠪᠦᠲᠦᠮᠵᠢᠲᠡᠶ ᠪᠠᠷ ᠰᠢᠯᠭᠠᠨ ᠠᠪᠬᠤ ᠪᠠ ᠵᠢᠯᠣᠭᠤᠳᠬᠤ᠂ ᠳᠤᠭᠤᠶᠢᠯᠠᠩ ᠬᠠᠮᠲᠤᠷᠠᠨ ᠰᠤᠳᠤᠯᠤᠨ | ᠶᠠᠷᠢᠯᠴᠠᠬᠤ ᠵᠡᠷᠭᠡ ᠪᠠᠷ ᠳᠠᠮᠵᠢᠭᠤᠯᠤᠨ ᠰᠤᠷᠤᠭᠴᠢᠳ ᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠲᠥᠷᠥᠭᠳᠡᠯ ᠢ | ᠳᠡᠭᠡᠭᠰᠢᠯᠡᠭᠦᠯᠪᠡ᠃ | | | | | | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠄ ᠡᠭᠦᠯᠡᠨᠴᠢᠷ ᠬᠢᠴᠢᠶᠡᠯᠯᠡᠭᠡ ᠳᠤ ᠠᠩᠬᠠᠷᠤᠯ ᠢᠶᠠᠨ | ᠬᠠᠨᠳᠤᠭᠤᠯᠵᠤ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠶᠠᠷᠢᠯᠴᠠᠵᠠᠭᠠᠪᠠ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠶᠣᠰᠣ ᠰᠤᠷᠲᠠᠬᠤᠨ ᠢ ᠪᠣᠢ ᠪᠣᠯᠭᠠᠵᠤ | ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ᠂ ᠰᠣᠷᠣᠭᠴᠢ ᠪᠠᠷ ᠭᠤᠣᠯᠯᠠᠭᠤᠯᠬᠤ ᠶᠢ ᠪᠠᠷᠢᠮᠲᠠᠯᠠᠵᠤ᠂ | ᠬᠢᠵᠢᠭ ᠤᠨ ᠪᠠᠶᠢᠳᠠᠯ ᠳᠤ ᠰᠠᠭᠤᠷᠢᠯᠠᠨ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠣᠨᠴᠠᠯᠢᠭ ᠲᠠᠢ | ᠤᠶᠠᠯᠳᠤᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ | ᠣᠨᠴᠠᠯᠢᠭᠲᠤ᠂ ᠲᠤᠰᠬᠠᠶ ᠮᠡᠷᠭᠡᠵᠢᠯ ᠤᠨ ᠣᠨᠴᠠ ᠴᠢᠳᠠᠪᠤᠷᠢᠲᠤ ᠪᠠ ᠳᠡᠭᠡᠳᠦ ᠰᠤᠷᠭᠠᠭᠤᠯᠢ ᠶᠢᠨ ᠣᠨᠴᠠᠯᠢᠭᠲᠤ | ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠵᠠᠭᠪᠤᠷ ᠢ ᠪᠦᠷᠢᠯᠳᠦᠭᠦᠯᠪᠡ᠃ | | | | | | | ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠲᠥᠰᠦᠯ ᠢᠶᠠᠷ ᠰᠤᠷᠤᠯᠴᠠᠯᠭ᠎ᠠ ᠶᠢ ᠠᠬᠢᠭᠤᠯᠪᠠ᠃ | ᠦᠢᠯᠡᠳᠦᠯᠭᠡ ᠶᠢᠨ ᠵᠢᠭᠠᠨ ᠰᠤᠷᠭᠠᠯᠲᠠ ᠨᠢ ︽ᠢᠨᠲ᠋ᠧᠷ ᠰᠦᠯᠵᠢᠶ᠎ᠡ +︾ ᠵᠡᠷᠭᠡ ᠤᠷᠤᠯᠳᠤᠭᠠᠨ ᠳᠤ ᠨᠡᠶᠢᠲᠡᠯᠡᠭᠰᠡᠨ | ᠪᠣᠳᠠᠲᠠᠶ ᠵᠢᠷᠤᠵᠤ ᠲᠥᠯᠥᠪᠯᠡᠭᠰᠡᠨ ᠲᠥᠰᠦᠯ ᠠᠴᠠ ᠭᠠᠷᠳᠠᠵᠤ᠂ ᠤᠷᠤᠯᠳᠤᠭᠠᠨ ᠪᠤᠶᠤ ᠲᠥᠰᠦᠯ ᠤᠨ ᠱᠠᠭᠠᠷᠳᠠᠯᠭ᠎ᠠ ᠶᠢ | ᠬᠢᠴᠢᠶᠡᠯ ᠤᠨ ᠦᠢᠯᠡᠳᠦᠯᠭᠡ ᠶᠢᠨ ᠱᠠᠭᠠᠷᠳᠠᠯᠭ᠎ᠠ ᠲᠠᠢ ᠠᠭᠤᠰᠬᠠᠪᠠ︔ ᠵᠢᠭᠠᠨ ᠰᠤᠷᠭᠠᠯᠲᠠ ᠶᠢᠨ ᠬᠤᠷᠳᠤᠴᠠ ᠶᠢ | ᠵᠣᠬᠢᠰᠲᠠᠶ ᠨᠠᠮᠳᠠᠭᠠᠵᠤ᠂ ᠡᠯ᠎ᠡ ᠵᠢᠭᠠᠨ ᠰᠤᠷᠭᠠᠯᠲᠠ ᠶᠢᠨ ᠭᠤᠭᠴᠤᠭᠠᠨ ᠤ ᠴᠠᠭ ᠢ ᠳᠠᠬᠢᠨ ᠬᠤᠪᠢᠶᠠᠷᠢᠯᠠᠵᠤ᠂ | ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠦᠢᠯᠡᠳᠦᠯᠴᠡᠬᠦ ᠴᠢᠨᠠᠷ ᠢ ᠴᠢᠩᠭᠠᠳᠬᠠᠪᠠ᠃ ᠬᠡᠷᠡᠭ ᠤᠨ ᠵᠢᠱᠢᠶᠡᠨ ᠤ | ᠵᠠᠳᠠᠯᠤᠯᠲᠠ᠂ ᠦᠵᠡᠭᠦᠯᠭᠡ ᠪᠠ ᠵᠢᠭᠠᠨ ᠰᠤᠷᠭᠠᠯᠲᠠ ᠶᠢᠨ ᠦᠢᠯᠡᠳᠦᠯᠴᠡᠯ ᠤᠨ ᠬᠤᠪᠢ ᠶᠢᠨ ᠵᠢᠩ ᠢ ᠵᠣᠬᠢᠰᠲᠠᠶ | ᠨᠡᠮᠡᠭᠳᠡᠭᠦᠯᠪᠡ︔ ᠬᠢᠴᠢᠶᠡᠯ ᠠᠴᠠ ᠡᠮᠦᠨᠡᠬᠢ᠂ ᠬᠢᠴᠢᠶᠡᠯ ᠳᠡᠭᠡᠷᠡᠬᠢ ᠪᠠ ᠬᠢᠴᠢᠶᠡᠯ ᠤᠨ ᠳᠠᠷᠠᠭᠠᠬᠢ ᠵᠢᠭᠠᠨ | ᠰᠤᠷᠭᠠᠯᠲᠠ ᠶᠢᠨ ᠬᠠᠷᠢᠭᠤ ᠪᠤᠴᠠᠭᠠᠬᠤ ᠳᠣᠭᠲᠠᠯᠴᠠᠭ᠎ᠠ ᠶᠢ ᠪᠠᠶᠢᠭᠤᠯᠪᠠ᠃ | | | | | | | | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠄ ᠰᠡᠳᠬᠢᠯ ᠨᠢᠭᠡᠳᠦᠨ ᠬᠢᠵᠢᠭ ᠲᠠᠢ | ᠲᠡᠮᠡᠴᠡᠬᠦ ᠠᠵᠢᠯ ᠢ ᠰᠤᠯᠠᠷᠠᠭᠤᠯᠬᠤ ᠦᠭᠡᠢ ᠰᠢᠨᠵᠢᠯᠡᠬᠦ ᠤᠬᠠᠭᠠᠨ ᠤ ᠰᠤᠳᠤᠯᠭᠠᠨ ᠤ ᠵᠢᠯᠤᠭᠤᠳᠤᠯᠭ᠎ᠠ ᠶᠢ | ᠳᠠᠰᠤᠯᠳᠠᠭᠤᠯᠬᠤ ᠦᠭᠡᠢ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ | ᠵᠢᠭᠠᠨ ᠰᠤᠷᠭᠠᠯᠲᠠ ᠪᠠ ᠰᠤᠷᠤᠯᠭ᠎ᠠ ᠶᠢ ᠵᠢᠯᠣᠭᠤᠳᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠬᠦ ᠶᠢᠨ ᠲᠥᠯᠥᠭᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠷᠢᠰ ᠪᠢᠴᠢᠭ | ᠮᠠᠲ᠋ᠧᠷᠢᠶᠠᠯ ᠨᠡᠶᠢᠲᠡᠯᠡᠵᠦ᠂ ᠰᠣᠳᠤᠯᠬᠤ ᠰᠤᠷᠤᠭᠴᠢ ᠶᠢᠨ ᠡᠷᠳᠡᠮ ᠰᠢᠨᠵᠢᠯᠡᠭᠡᠨ ᠤ ᠵᠢᠯᠤᠭᠤᠳᠤᠯᠭ᠎ᠠ ᠶᠢ | ᠲᠠᠰᠤᠯᠳᠠᠭᠤᠯᠬᠤ ᠦᠭᠡᠢ᠂ ᠰᠢᠨᠵᠢᠯᠡᠬᠦ ᠤᠬᠠᠭᠠᠨ ᠤ ᠰᠤᠳᠤᠯᠭᠠᠨ ᠢ ᠲᠠᠰᠤᠯᠳᠠᠭᠤᠯᠬᠤ ᠦᠭᠡᠢ᠂ ᠡᠷᠳᠡᠮ ᠤᠨ ᠴᠣᠯᠠ | ᠣᠯᠭᠤᠬᠤ ᠠᠵᠢᠯ ᠢ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠰᠣᠳᠤᠯᠬᠤ ᠰᠤᠷᠤᠭᠴᠢ ᠶᠢ ᠬᠥᠮᠦᠵᠢᠭᠦᠯᠬᠦ | ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ | | | | | | | ᠪᠥᠬᠦ ᠵᠢᠯᠣᠭᠤᠳᠣᠭᠴᠢ ᠪᠠᠭᠰᠢ ᠰᠣᠳᠤᠯᠬᠤ ᠰᠤᠷᠤᠭᠴᠢ ᠶᠢ ᠬᠥᠮᠦᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠤ | ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ᠂ ᠡᠬᠢ | ᠪᠠᠶᠠᠯᠢᠭ ᠪᠠ ᠲᠠᠪᠴᠠᠩ ᠢ ᠭᠦᠢᠴᠡᠳ ᠠᠰᠢᠭᠯᠠᠵᠤ᠂ ᠰᠣᠳᠤᠯᠬᠤ ᠰᠤᠷᠤᠭᠴᠢ ᠶᠢᠨ ᠠᠳᠠᠯᠢ ᠪᠤᠰᠤ ᠱᠠᠲᠤ ᠲᠠᠢ | ᠤᠶᠠᠯᠳᠤᠭᠤᠯᠵᠤ᠂ ᠪᠥᠬᠦ ᠲᠠᠯ᠎ᠠ ᠪᠠᠷ ᠡᠵᠡᠮᠰᠢᠬᠦ᠂ ᠲᠥᠷᠥᠯ ᠬᠤᠪᠢᠶᠠᠨ ᠵᠢᠯᠣᠭᠤᠳᠬᠤ᠂ ᠭᠤᠤᠯᠳᠠᠯᠭ᠎ᠠ ᠶᠢ | ᠳᠣᠪᠤᠶᠢᠯᠭᠠᠬᠤ᠂ ᠬᠤᠪᠢ ᠬᠥᠮᠦᠨ ᠳᠤ ᠨᠢ ᠲᠣᠬᠢᠷᠠᠭᠤᠯᠤᠨ ᠵᠢᠭᠠᠬᠤ ᠶᠢ ᠪᠡᠶᠡᠯᠡᠭᠦᠯᠪᠡ᠃ ᠰᠢᠨᠵᠢᠯᠡᠬᠦ ᠤᠬᠠᠭᠠᠨᠴᠢ᠂ | ᠵᠦᠢ ᠵᠣᠬᠢᠰᠲᠠᠢ᠂ ᠬᠠᠨᠳᠤᠯᠭᠠᠲᠠᠢ ᠵᠢᠯᠣᠭᠤᠳᠬᠤ ᠲᠥᠯᠥᠪᠯᠡᠭᠡ ᠶᠢ ᠳᠣᠭᠲᠠᠭᠠᠪᠠ᠃ ᠡᠭᠦᠨ ᠤ ᠬᠠᠮᠲᠤ | ᠰᠦᠯᠵᠢᠶᠡᠨ ᠳᠠᠬᠢ ᠬᠢᠴᠢᠶᠡᠯ ᠢ ᠰᠠᠶᠢᠲᠤᠷ ᠣᠷᠣᠬᠤ ᠠᠴᠠ ᠭᠠᠳᠠᠨ᠎ᠠ᠂ ᠵᠢᠯᠣᠭᠤᠳᠣᠭᠴᠢ ᠪᠠᠭᠰᠢ ᠨᠠᠷ ᠰᠣᠳᠤᠯᠬᠤ | ᠰᠤᠷᠤᠭᠴᠢ ᠶᠢᠨ ᠰᠦᠯᠵᠢᠶᠡᠨ ᠳᠠᠬᠢ ᠬᠤᠷᠠᠯ ᠢ ᠲᠣᠭᠲᠠᠮᠠᠯ ᠬᠤᠭᠤᠴᠠᠭᠠᠲᠠᠢ ᠬᠤᠷᠠᠯᠳᠤᠭᠤᠯᠵᠤ᠂ ᠬᠢᠵᠢᠭ ᠤᠨ ᠪᠠᠶᠢᠳᠠᠯ | ᠤᠨ ᠬᠤᠭᠤᠴᠠᠭᠠᠨ ᠳᠠᠬᠢ ᠣᠯᠠᠨ ᠤ ᠠᠮᠢᠳᠤᠷᠠᠯ᠂ ᠰᠡᠳᠬᠢᠴᠡ᠂ ᠰᠤᠷᠤᠯᠴᠠᠯᠭ᠎ᠠ᠂ ᠠᠵᠢᠯ ᠣᠯᠭᠤᠯᠲᠠ ᠵᠡᠷᠭᠡ | ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠪᠠ᠃ | | | | | | | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠵᠦ ᠡᠭᠦᠯᠡᠨᠴᠢᠷ ᠦᠵᠦᠭᠦᠷ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠪᠠᠲᠤᠯᠠᠪᠠ | 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠪᠥᠬᠦ ᠰᠤᠷᠭᠠᠭᠤᠯᠢ ᠶᠢᠨ | ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠬᠡᠯᠪᠡᠷᠢ ᠪᠠᠷ | ᠰᠣᠳᠤᠯᠬᠤ ᠰᠤᠷᠤᠭᠴᠢ ᠶᠢᠨ ᠰᠤᠷᠤᠯᠭ᠎ᠠ ᠶᠢ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠪᠠ᠃ | | | | | | ᠰᠣᠳᠤᠯᠬᠤ ᠰᠤᠷᠤᠭᠴᠢ ᠶᠢᠨ ᠬᠢᠴᠢᠶᠡᠯ ᠤᠨ ᠪᠠᠭᠰᠢ ᠨᠠᠷ ᠲᠧᠩ ᠰᠢᠶᠦ᠋ᠨ ᠬᠤᠷᠠᠯ᠂ ᠳᠠᠭᠤᠤ ᠬᠥᠭᠵᠢᠮ ᠤᠨ | ᠡᠭᠦᠯᠡᠨᠴᠢᠷ ᠬᠢᠴᠢᠶᠡᠯ ᠤᠨ ᠲᠠᠩᠬᠢᠮ᠂ ᠪᠢᠴᠢᠯ ᠲᠤᠰᠠᠯᠠᠭᠴᠢ ᠪᠠᠭᠰᠢ᠂ ᠵᠠᠭᠪᠤᠷ ᠪᠠᠶᠢᠭᠤᠯᠬᠤ ᠵᠥᠭᠡᠯᠡᠨ ᠲᠣᠨᠤᠭ᠂ | ᠵᠢᠷᠤᠭ ᠵᠢᠷᠤᠬᠤ ᠵᠥᠭᠡᠯᠡᠨ ᠲᠣᠨᠤᠭ ᠵᠡᠷᠭᠡ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠲᠠᠪᠴᠠᠩ᠂ ᠪᠠᠭᠠᠵᠢ | ᠬᠡᠷᠡᠭᠰᠡᠯ᠂ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠬᠢᠴᠢᠶᠡᠯ ᠠᠴᠠ ᠡᠮᠦᠨᠡᠬᠢ᠂ ᠬᠢᠴᠢᠶᠡᠯ ᠳᠡᠭᠡᠷᠡᠬᠢ᠂ | ᠬᠢᠴᠢᠶᠡᠯ ᠤᠨ ᠳᠠᠷᠠᠭᠠᠬᠢ ᠵᠡᠷᠭᠡ ᠵᠢᠭᠠᠨ ᠰᠤᠷᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠢ ᠠᠯᠤᠰ | ᠡᠵᠡᠮᠰᠢᠯ ᠢᠶᠠᠷ ᠵᠢᠭᠠᠨ ᠵᠢᠯᠣᠭᠤᠳᠴᠤ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠰᠠᠶᠢᠲᠤᠷ ᠪᠡᠶᠡᠯᠡᠭᠦᠯᠪᠡ︔ ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠨᠠᠷ ᠰᠣᠳᠤᠯᠬᠤ | ᠰᠤᠷᠤᠭᠴᠢ ᠶᠢ ᠬᠥᠮᠦᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ | ᠨᠠᠶᠢᠳᠠᠪᠤᠷᠢᠵᠢᠭᠤᠯᠵᠤ᠂ ᠰᠦᠯᠵᠢᠶᠡᠨ ᠳᠠᠬᠢ ᠳᠤᠭᠤᠶᠢᠯᠠᠩ ᠤᠨ ᠬᠤᠷᠠᠯ᠂ ᠨᠢᠭᠡ ᠶᠢ ᠨᠢᠭᠡ ᠪᠠᠷ ᠳᠠᠭᠠᠭᠤᠯᠤᠨ | ᠰᠦᠯᠵᠢᠶᠡᠨ ᠳᠤ ᠬᠠᠪᠰᠤᠷᠤᠨ ᠵᠢᠯᠣᠭᠤᠳᠬᠤ ᠪᠠᠷ ᠳᠠᠮᠵᠢᠭᠤᠯᠤᠨ᠂ ᠰᠤᠷᠤᠭᠴᠢᠳ ᠢ ᠵᠢᠯᠣᠭᠤᠳᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠡᠭᠦᠷᠭᠡ ᠶᠢ ᠪᠡᠶᠡᠯᠡᠭᠦᠯᠬᠦ ᠶᠢᠨ ᠬᠠᠮᠲᠤ ᠰᠤᠷᠤᠭᠴᠢᠳ ᠤᠨ ᠰᠡᠳᠬᠢᠴᠡ ᠶᠢᠨ ᠡᠷᠡᠭᠦᠯ | ᠮᠡᠨᠳᠦ ᠶᠢ ᠨᠢᠭᠲᠠ ᠠᠩᠬᠠᠷᠴᠤ᠂ ᠰᠤᠷᠤᠭᠴᠢᠳ ᠢ ᠬᠠᠪᠰᠤᠷᠤᠨ ᠠᠮᠢᠳᠤᠷᠠᠬᠤᠢ ᠶᠢᠨ ᠲᠥᠯᠥᠪᠵᠢᠭᠦᠯᠭᠡ ᠶᠢ ᠰᠠᠶᠢᠲᠤᠷ | ᠬᠢᠵᠦ᠂ ᠰᠤᠷᠤᠭᠴᠢᠳ ᠤᠨ ᠳ᠋ᠣᠺᠲ᠋ᠣᠷ ᠰᠢᠯᠭᠠᠭᠤᠯᠬᠤ ᠵᠢᠯᠣᠭᠤᠳᠣᠯᠭ᠎ᠠ᠂ ᠠᠵᠢᠯ ᠤᠯᠬᠤ ᠵᠢᠯᠣᠭᠤᠳᠣᠯᠭ᠎ᠠ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠪᠡ᠃ | | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠄ ᠬᠡᠶᠢᠰᠪᠦᠷᠢ | ᠳᠠᠭᠤᠷᠢᠶᠠᠮᠠᠯ ᠬᠡᠷᠡᠭ ᠤᠨ ᠵᠢᠱᠢᠶ᠎ᠡ ᠪᠠᠷ ᠦᠢᠯᠡᠳᠦᠯᠭᠡ ᠶᠢᠨ ᠵᠢᠭᠠᠨ ᠰᠤᠷᠭᠠᠯᠲᠠ ᠶᠢ ᠪᠠᠲᠤᠯᠠᠪᠠ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠭᠠᠳᠠᠷ ᠮᠤᠵᠢ ᠶᠢᠨ | ᠠᠵᠤ ᠠᠬᠤᠶᠢᠯᠠᠯ ᠲᠠᠢ ᠬᠠᠮᠲᠤᠷᠠᠨ ᠪᠠᠶᠢᠭᠤᠯᠤᠭᠰᠠᠨ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠬᠠᠮᠲᠤᠷᠠᠨ | ᠬᠥᠮᠦᠨ ᠢ ᠬᠥᠮᠦᠵᠢᠭᠦᠯᠬᠦ ᠵᠢᠭᠠᠨ ᠰᠤᠷᠭᠠᠯᠲᠠ ᠶᠢᠨ ᠡᠭᠦᠯᠡᠨᠴᠢᠷ ᠲᠠᠪᠴᠠᠩ ᠳᠤ ᠲᠦᠰᠢᠭᠯᠡᠨ᠂ ᠰᠦᠯᠵᠢᠶᠡᠨ ᠳᠠᠬᠢ | ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃ | | | | | | | ᠳᠠᠶᠢᠴᠢᠯᠠᠯᠲᠠ ᠶᠢ ᠳᠠᠷᠤᠶᠢᠬᠠᠨ ᠴᠤᠤᠷᠢᠶᠠᠳᠤᠵᠤ᠂ ᠬᠢᠴᠢᠶᠡᠯ ᠤᠨ ᠲᠥᠰᠦᠯ ᠢᠶᠠᠨ ᠥᠭᠡᠷᠡᠴᠢᠯᠡᠵᠦ᠂ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠪᠠ᠃ ᠤᠤᠯ ᠤᠨ ᠪᠣᠳᠠᠲᠠᠶ ᠲᠤᠷᠰᠢᠯᠲᠠ ᠶᠢᠨ | ᠠᠭᠤᠯᠭ᠎ᠠ ᠶᠢ ᠬᠡᠶᠢᠰᠪᠦᠷᠢ ᠳᠠᠭᠤᠷᠢᠶᠠᠮᠠᠯ ᠲᠤᠷᠰᠢᠯᠲᠠ ᠶᠢᠨ ᠬᠡᠯᠪᠡᠷᠢ ᠪᠣᠯᠭᠠᠨ ᠥᠭᠡᠷᠡᠴᠢᠯᠡᠵᠦ ᠰᠦᠯᠵᠢᠶᠡᠨ ᠳᠤ | ᠬᠢᠴᠢᠶᠡᠯᠯᠡᠪᠡ᠃ ᠬᠡᠶᠢᠰᠪᠦᠷᠢ ᠳᠠᠭᠤᠷᠢᠶᠠᠮᠠᠯ ᠲᠤᠷᠰᠢᠯᠲᠠ ᠶᠢᠨ ᠠᠭᠤᠯᠭ᠎ᠠ ᠶᠢ ᠬᠤᠷᠰᠢᠶᠠᠯᠠᠭᠰᠠᠨ ᠠᠵᠤ ᠠᠬᠤᠶᠢᠯᠠᠯ ᠤᠨ | ᠵᠢᠭᠠᠨ ᠰᠤᠷᠭᠠᠯᠲᠠ ᠶᠢᠨ ᠡᠭᠦᠯᠡᠨᠴᠢᠷ ᠲᠠᠪᠴᠠᠩ ᠳᠤ ᠪᠠᠶᠢᠷᠢᠯᠠᠭᠤᠯᠵᠤ᠂ ᠰᠤᠷᠤᠭᠴᠢᠳ ᠲᠣᠰ ᠲᠣᠰ ᠤᠨ ᠢᠶᠠᠨ | ᠲᠠᠩᠰᠠᠨ ᠨᠣᠮᠧᠷ ᠢᠶᠠᠷ ᠳᠠᠮᠵᠢᠭᠤᠯᠤᠨ ᠡᠭᠦᠯᠡᠨᠴᠢᠷ ᠲᠠᠪᠴᠠᠩ ᠳᠤ ᠲᠤᠷᠰᠢᠯᠲᠠ ᠶᠢᠨ ᠠᠭᠤᠯᠭ᠎ᠠ ᠪᠠᠨ ᠪᠡᠶᠡᠯᠡᠭᠦᠯᠪᠡ︔ | ᠬᠢᠴᠢᠶᠡᠯ ᠤᠨ ᠠᠭᠤᠯᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠤᠷᠤᠭᠴᠢᠳ ᠤᠨ ᠮᠡᠳᠡᠯᠭᠡ ᠶᠢᠨ ᠬᠡᠪᠴᠢᠶ᠎ᠡ ᠶᠢ | ᠥᠷᠭᠡᠳᠭᠡᠵᠦ᠂ X ᠰᠠᠴᠤᠷᠠᠭ ᠤᠨ ᠲᠦᠭᠡᠯᠲᠡ᠂ ᠡᠯᠧᠺᠲᠷᠣᠨ ᠮᠢᠺᠷᠣᠰᠺᠣᠫ ᠤᠨ ᠰᠢᠷᠪᠢᠯᠲᠡ᠂ ᠴᠠᠬᠢᠭᠤᠷ ᠤᠨ ᠲᠠᠩ | ᠲᠠᠯᠠᠰᠲᠤ ᠶᠢᠨ ᠥᠰᠥᠯᠲᠡ ᠵᠡᠷᠭᠡ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠨᠡᠯᠢᠶᠡᠳ ᠬᠦᠴᠢᠷᠲᠡᠶ ᠨᠠᠷᠢᠨ | ᠪᠤᠳᠤᠯᠢᠶᠠᠨᠲᠠᠶ ᠲᠤᠷᠰᠢᠯᠲᠠ ᠶᠢ ᠲᠣᠬᠢᠷᠠᠭᠤᠯᠪᠠ︔ ᠪᠠᠭᠰᠢ ᠰᠤᠷᠤᠭᠴᠢᠳ ᠤᠨ ᠦᠢᠯᠡᠳᠦᠯᠴᠡᠬᠦ ᠶᠢ ᠴᠢᠩᠭᠠᠳᠬᠠᠵᠤ᠂ | ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠤᠷᠤᠭᠴᠢᠳ ᠡᠭᠦᠯᠡᠨᠴᠢᠷ ᠲᠠᠪᠴᠠᠩ ᠳᠤ | ᠲᠤᠷᠰᠢᠯᠲᠠ ᠶᠢᠨ ᠠᠭᠤᠯᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ᠪᠢᠴᠢᠭᠰᠡᠨ ᠲᠤᠷᠰᠢᠯᠲᠠ ᠶᠢᠨ ᠮᠡᠳᠡᠭᠦᠯᠦᠯᠲᠡ ᠶᠢᠨ | ᠡᠯᠧᠺᠲᠷᠣᠨ ᠬᠡᠪᠯᠡᠯ ᠢ ᠳᠤᠰᠢᠶᠠᠨ᠎ᠠ᠃ | | | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠄ ᠡᠭᠦᠯᠡᠨᠴᠢᠷ ᠦᠵᠦᠭᠦᠷ ᠲᠤ | ᠴᠤᠭᠯᠠᠷᠠᠵᠤ ᠴᠤᠴᠠᠯᠲᠠ ᠥᠬᠡᠶ ᠴᠢᠷᠮᠠᠶᠢᠨ᠎ᠠ | 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ | ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠨᠢ ᠪᠠᠭᠰᠢ ᠰᠣᠷᠣᠭᠴᠢ ᠰᠤᠷᠭᠠᠭᠤᠯᠢ ᠳᠤ ᠪᠠᠨ ᠪᠤᠴᠠᠬᠤ ᠶᠢ | ᠲᠦᠷ ᠬᠤᠶᠢᠰᠢᠯᠠᠭᠤᠯᠤᠭᠰᠠᠨ ᠬᠤᠭᠤᠴᠠᠭᠠᠨ ᠳᠠᠬᠢ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠤᠨ ᠲᠥᠰᠦᠯ ᠢ ᠴᠠᠭ ᠲᠤᠬᠠᠶ ᠳᠤ ᠨᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠠᠬᠢ ᠰᠣᠳᠤᠯᠬᠤ ᠰᠤᠷᠤᠭᠴᠢ ᠶᠢᠨ ᠵᠢᠭᠠᠨ ᠰᠤᠷᠭᠠᠯᠲᠠ᠂ ᠰᠣᠷᠣᠭᠴᠢ ᠡᠯᠰᠡᠬᠦ ᠬᠤᠶᠠᠳᠠᠬᠢ | ᠰᠢᠯᠭᠠᠯᠲᠠ᠂ ᠡᠷᠳᠡᠮ ᠰᠢᠨᠵᠢᠯᠡᠭᠡᠨ ᠤ ᠵᠢᠯᠣᠭᠤᠳᠣᠯᠭ᠎ᠠ ᠵᠢᠴᠢ ᠡᠷᠳᠡᠮ ᠤᠨ ᠴᠣᠯᠠ ᠶᠢᠨ ᠥᠭᠦᠯᠡᠯ ᠤᠨ ᠰᠡᠳᠦᠪ | ᠳᠣᠭᠲᠠᠭᠠᠬᠤ᠂ ᠨᠣᠮ ᠬᠠᠶᠠᠯᠴᠠᠬᠤ ᠵᠡᠷᠭᠡ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ | | | | | | | ᠡᠯ᠎ᠡ ᠰᠣᠳᠤᠯᠬᠤ ᠰᠤᠷᠤᠭᠴᠢ ᠶᠢ ᠬᠥᠮᠦᠵᠢᠭᠦᠯᠬᠦ ᠳᠡᠭᠡᠳᠦ ᠰᠤᠷᠭᠠᠭᠤᠯᠢ ᠨᠢ ᠰᠦᠯᠵᠢᠶᠡᠨ ᠳᠠᠬᠢ ᠵᠢᠭᠠᠨ | ᠰᠤᠷᠭᠠᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ | ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠲᠣᠳᠤᠷᠬᠠᠶᠢᠯᠠᠭᠰᠠᠨ ᠤ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠰᠤᠷᠭᠠᠭᠤᠯᠢ ᠠᠴᠠ ︽ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠳᠤ ᠥᠭᠭᠦᠭᠰᠡᠨ ᠵᠠᠬᠢᠳᠠᠯ︾᠂ | ︽ᠰᠣᠳᠤᠯᠬᠤ ᠰᠤᠷᠤᠭᠴᠢ ᠳᠤ ᠥᠭᠭᠦᠭᠰᠡᠨ ᠵᠠᠬᠢᠳᠠᠯ︾ ᠢ ᠨᠡᠶᠢᠲᠡᠯᠡᠵᠦ᠂ ᠰᠣᠳᠤᠯᠬᠤ ᠰᠤᠷᠤᠭᠴᠢ ᠶᠢᠨ ᠵᠢᠯᠣᠭᠤᠳᠣᠭᠴᠢ | ᠪᠠᠭᠰᠢ ᠨᠠᠷ ᠤᠨ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠰᠤᠷᠤᠭᠴᠢᠳ ᠢ ᠰᠢᠪᠠᠳᠠᠭᠤᠯᠵᠤ ᠰᠤᠷᠤᠯᠭ᠎ᠠ ᠶᠢᠨ ᠲᠥᠯᠥᠪᠵᠢᠭᠦᠯᠭᠡ ᠶᠢ | ᠰᠠᠶᠢᠲᠤᠷ ᠬᠢᠯᠭᠡᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠪᠠᠲᠤᠯᠠᠪᠠ︔ ᠡᠯ᠎ᠡ ᠳᠡᠭᠡᠳᠦ ᠰᠤᠷᠭᠠᠭᠤᠯᠢ ᠰᠦᠯᠵᠢᠶᠡᠨ ᠳᠠᠬᠢ ᠰᠣᠳᠤᠯᠬᠤ ᠰᠤᠷᠤᠭᠴᠢ ᠶᠢᠨ ᠵᠢᠭᠠᠨ | ᠰᠤᠷᠭᠠᠯᠲᠠ ᠶᠢᠨ ᠦᠵᠡᠭᠦᠯᠭᠡ ᠶᠢᠨ ᠵᠢᠭᠠᠬᠤ ᠶᠢ ᠰᠤᠳᠤᠯᠬᠤ ᠠᠵᠢᠯᠯᠠᠭ᠎ᠠ ᠶᠢ ᠥᠷᠨᠢᠭᠦᠯᠪᠡ᠃ ᠬᠢᠴᠢᠶᠡᠯ ᠤᠷᠤᠭᠰᠠᠨ | ᠪᠠᠭᠰᠢ ᠨᠠᠷ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢ ᠭᠦᠢᠴᠡᠳ ᠠᠰᠢᠭᠯᠠᠵᠤ᠂ ᠬᠢᠵᠢᠭ ᠲᠠᠢ ᠲᠡᠮᠡᠴᠡᠬᠦ | ᠵᠣᠷᠢᠭ ᠰᠠᠨᠠᠭ᠎ᠠ ᠶᠢ ᠬᠢᠴᠢᠶᠡᠯᠯᠡᠭᠡ ᠳᠤ ᠠᠭᠤᠰᠬᠠᠪᠠ᠃ ᠰᠣᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠨᠠᠷ | ᠬᠥᠮᠦᠨ ᠢ ᠬᠥᠮᠦᠵᠢᠭᠦᠯᠬᠦ ᠣᠭ ᠰᠠᠨᠠᠭ᠎ᠠ ᠪᠠᠨ ᠪᠠᠲᠤ ᠰᠠᠬᠢᠵᠤ᠂ ᠰᠦᠯᠵᠢᠶᠡᠨ ᠳᠠᠬᠢ ᠰᠣᠳᠤᠯᠬᠤ ᠰᠤᠷᠤᠭᠴᠢ ᠶᠢᠨ | ᠡᠷᠳᠡᠮ ᠰᠢᠨᠵᠢᠯᠡᠭᠡᠨ ᠤ ᠵᠢᠯᠣᠭᠤᠳᠣᠯᠭ᠎ᠠ ᠪᠠ ᠰᠡᠳᠬᠢᠴᠡ ᠶᠢᠨ ᠬᠠᠯᠠᠮᠵᠢᠯᠠᠯ ᠢ ᠴᠢᠩᠭᠠᠳᠬᠠᠪᠠ᠃ | | | | | | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ | ᠳᠠᠬᠢ ᠪᠠᠭᠰᠢ ᠶᠢᠨ ᠳᠡᠭᠡᠳᠦ ᠰᠤᠷᠭᠠᠭᠤᠯᠢ᠄ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠢᠴᠢ ᠴᠢᠨᠠᠷ | ᠴᠢᠨᠰᠠᠭᠠᠨ ᠤ ᠪᠠᠲᠤᠯᠠᠭ᠎ᠠ ᠶᠢ ᠴᠢᠩᠭᠠᠳᠬᠠᠵᠤ᠂ ᠬᠥᠮᠦᠵᠢᠭᠦᠯᠬᠦ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ | ᠪᠠᠭᠰᠢ ᠶᠢᠨ ᠳᠡᠭᠡᠳᠦ ᠰᠤᠷᠭᠠᠭᠤᠯᠢ ᠨᠢ ︽2021-2022 ᠰᠤᠷᠤᠯᠭ᠎ᠠ ᠶᠢᠨ ᠣᠨ ᠤ ᠬᠤᠶᠠᠳᠤᠭᠠᠷ | ᠬᠤᠭᠤᠴᠠᠭᠠᠨ ᠤ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠠᠵᠢᠯ ᠤᠨ | ᠲᠣᠬᠢᠷᠠᠭᠤᠯᠤᠯᠲᠠ︾ ᠶᠢ ᠲᠣᠭᠲᠠᠭᠠᠨ ᠨᠡᠶᠢᠲᠡᠯᠡᠵᠦ᠂ ᠰᠣᠳᠤᠯᠬᠤ ᠰᠤᠷᠤᠭᠴᠢ ᠬᠥᠮᠦᠵᠢᠭᠦᠯᠬᠦ ᠳᠡᠭᠡᠳᠦ | ᠰᠤᠷᠭᠠᠭᠤᠯᠢ ᠨᠤᠭᠤᠳ ᠢ ᠢᠳᠡᠪᠬᠢᠲᠡᠶ ᠵᠣᠬᠢᠴᠠᠭᠤᠯᠵᠤ᠂ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ ᠵᠢᠭᠠᠨ | ᠰᠤᠷᠭᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠭᠠᠨ ᠰᠤᠷᠭᠠᠬᠤ ᠠᠵᠢᠯ ᠤᠨ ᠲᠣᠭᠲᠠᠭᠤᠨ ᠢᠶᠠᠷ | ᠶᠠᠪᠤᠭᠳᠠᠬᠤ ᠶᠢ ᠦᠨᠡᠨ ᠬᠦ ᠪᠠᠲᠤᠯᠠᠭᠰᠠᠨ ᠤ ᠬᠠᠮᠲᠤ ᠥᠷᠭᠡᠨ ᠣᠯᠠᠨ ᠰᠤᠷᠤᠭᠴᠢ ᠶᠢ ᠬᠥᠲᠥᠯᠥᠨ ᠵᠢᠯᠣᠭᠤᠳᠴᠤ᠂ | ᠶᠣᠰᠣ ᠮᠣᠷᠠᠯ ᠤᠨ ᠰᠠᠭᠤᠷᠢ ᠶᠢ ᠵᠤᠵᠠᠭᠠᠳᠬᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ | ᠡᠭᠦᠷᠭᠡᠯᠡᠭᠦᠯᠵᠦ᠂ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ | ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠭᠠᠬᠤ ᠪᠠᠷ | ᠴᠢᠷᠮᠠᠶᠢᠪᠠ᠃ | ᠰᠤᠷᠭᠠᠭᠤᠯᠢ ᠠᠴᠠ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ ᠵᠢᠭᠠᠨ ᠰᠤᠷᠭᠠᠯᠲᠠ ᠶᠢ | ᠬᠡᠷᠡᠭᠵᠢᠭᠦᠯᠦᠭᠰᠡᠨ ᠠᠴᠠ ᠨᠠᠭᠠᠰᠢ᠂ ᠰᠣᠳᠤᠯᠬᠤ ᠰᠤᠷᠤᠭᠴᠢ ᠶᠢᠨ ᠳᠡᠭᠡᠳᠦ ᠰᠤᠷᠭᠠᠭᠤᠯᠢ ᠪᠣᠯᠤᠨ ᠡᠯ᠎ᠡ ᠬᠥᠮᠦᠵᠢᠭᠦᠯᠬᠦ | ᠨᠢᠭᠡᠴᠢ ᠶᠢᠨ ᠬᠢᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠰᠠᠶᠢᠨ ᠰᠠᠶᠢᠬᠠᠨ ᠵᠢᠭᠠᠨ ᠰᠤᠷᠭᠠᠬᠤ | ᠠᠵᠢᠯ ᠤᠨ ᠪᠠᠶᠢᠳᠠᠯ ᠢ ᠪᠦᠷᠢᠯᠳᠦᠭᠦᠯᠪᠡ︔ ᠡᠩ ᠤᠨ ᠬᠢᠴᠢᠶᠡᠯ ᠤᠨ ᠵᠢᠭᠠᠨ ᠰᠤᠷᠭᠠᠯᠲᠠ ᠠᠴᠠ ᠭᠠᠳᠠᠨ᠎ᠠ | ᠵᠢᠯᠣᠭᠤᠳᠣᠭᠴᠢ ᠪᠠᠭᠰᠢ ᠨᠠᠷ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠨᠢᠭᠡᠳᠦᠭᠡᠷ | ᠬᠠᠷᠢᠭᠤᠴᠠᠯᠭᠠᠲᠠᠨ ᠤ ᠦᠢᠯᠡᠳᠦᠯ ᠪᠠᠨ ᠦᠢᠯᠡᠳᠦᠯᠭᠡᠵᠢᠭᠦᠯᠵᠦ᠂ ᠬᠥᠮᠦᠵᠢᠭᠦᠯᠬᠦ ᠲᠥᠯᠥᠪᠯᠡᠭᠡ ᠶᠢ ᠴᠢᠩᠭ᠎ᠠ ᠵᠢᠷᠤᠮᠯᠠᠨ | ᠲᠣᠭᠲᠠᠮᠠᠯ ᠬᠤᠭᠤᠴᠠᠭᠠᠲᠠᠢ᠂ ᠬᠠᠨᠳᠤᠯᠭᠠᠲᠠᠢ ᠵᠢᠯᠣᠭᠤᠳᠣᠯᠭ᠎ᠠ ᠥᠷᠨᠢᠭᠦᠯᠬᠦ ᠶᠢᠨ ᠬᠠᠮᠲᠤ ᠰᠦᠯᠵᠢᠶᠡᠨ ᠳᠠᠬᠢ | ᠵᠢᠯᠣᠭᠤᠳᠣᠯᠭ᠎ᠠ ᠶᠢᠨ ᠲᠡᠮᠳᠡᠭᠯᠡᠯ ᠢ ᠦᠯᠡᠳᠡᠭᠡᠪᠡ᠃ ᠵᠢᠯᠣᠭᠤᠳᠣᠭᠴᠢ ᠪᠠᠭᠰᠢ ᠰᠦᠯᠵᠢᠶᠡᠨ ᠳᠠᠬᠢ ᠡᠷᠳᠡᠮ | ᠰᠢᠨᠵᠢᠯᠡᠭᠡᠨ ᠤ ᠵᠢᠯᠣᠭᠤᠳᠣᠯᠭ᠎ᠠ ᠶᠢ ᠨᠠᠷᠢᠨ ᠬᠢᠨᠠᠮᠠᠭᠠᠶ ᠥᠷᠨᠢᠭᠦᠯᠬᠦ ᠶᠢᠨ ᠬᠠᠮᠲᠤ ᠰᠤᠷᠤᠭᠴᠢᠳ ᠤᠨ ᠰᠡᠳᠬᠢᠴᠡ ᠶᠢᠨ | ᠡᠷᠡᠭᠦᠯ ᠮᠡᠨᠳᠦ ᠪᠠ ᠠᠮᠢᠳᠤᠷᠠᠯ ᠤᠨ ᠪᠠᠶᠢᠳᠠᠯ ᠢ ᠠᠩᠬᠠᠷᠪᠠ᠃ | | | ᠤᠯᠠᠭᠠᠨᠬᠠᠳᠠ ᠳᠡᠭᠡᠳᠦ ᠰᠤᠷᠭᠠᠭᠤᠯᠢ᠄ ︽ᠵᠢᠭᠠᠬᠤ - ᠰᠤᠷᠬᠤ - ᠰᠤᠳᠤᠯᠬᠤ︾ ᠶᠢᠨ ᠰᠦᠯᠵᠢᠶᠡᠨ ᠳᠠᠬᠢ | ᠵᠢᠭᠠᠨ ᠰᠤᠷᠭᠠᠯᠲᠠ ᠶᠢᠨ ᠴᠢᠨᠠᠷᠯᠢᠭ ᠰᠢᠨ᠎ᠡ ᠶᠢ ᠡᠭᠦᠳᠬᠦ ᠰᠢᠨ᠎ᠡ ᠵᠠᠭᠪᠤᠷ ᠲᠤ ᠠᠩᠬᠠᠷᠤᠯ ᠢᠶᠠᠨ ᠬᠠᠨᠳᠤᠭᠤᠯᠪᠠ | ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠢᠨ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ ᠵᠢᠭᠠᠨ | ᠰᠤᠷᠭᠠᠯᠲᠠ ᠶᠢᠨ ᠠᠵᠢᠯ ᠢ ᠴᠢᠨᠠᠷᠯᠢᠭ ᠠᠬᠢᠭᠤᠯᠬᠤ ᠶᠢᠨ ᠲᠥᠯᠥᠭᠡ ︽ᠵᠢᠭᠠᠬᠤ - ᠰᠤᠷᠬᠤ - ᠰᠤᠳᠤᠯᠬᠤ︾ | ᠭᠤᠷᠪᠠ ᠶᠢ ᠨᠢᠭᠡ ᠴᠣᠭᠴᠠᠵᠢᠭᠤᠯᠤᠭᠰᠠᠨ ᠰᠣᠳᠤᠯᠬᠤ ᠰᠤᠷᠤᠭᠴᠢ ᠶᠢᠨ ᠰᠦᠯᠵᠢᠶᠡᠨ ᠳᠠᠬᠢ ᠵᠢᠭᠠᠨ ᠰᠤᠷᠭᠠᠯᠲᠠ ᠶᠢᠨ | ᠰᠢᠨ᠎ᠡ ᠵᠠᠭᠪᠤᠷ ᠢ ᠢᠳᠡᠪᠬᠢᠲᠡᠶ ᠠᠬᠢᠭᠤᠯᠪᠠ᠃ | | | | | | | ︽ᠬᠢᠴᠢᠶᠡᠯ + ᠡᠷᠳᠡᠮ ᠰᠢᠨᠵᠢᠯᠡᠭᠡᠨ ᠤ ᠰᠣᠯᠢᠯᠴᠠᠭ᠎ᠠ︾ ᠶᠢᠨ ᠰᠦᠯᠵᠢᠶᠡᠨ ᠳᠠᠬᠢ ᠵᠢᠭᠠᠨ ᠰᠤᠷᠭᠠᠯᠲᠠ ᠶᠢᠨ | ᠰᠢᠨ᠎ᠡ ᠵᠠᠭᠪᠤᠷ ᠢ ᠬᠡᠷᠡᠭᠵᠢᠭᠦᠯᠪᠡ᠃ ︽ᠪᠠᠭ᠎ᠠ ᠰᠤᠷᠭᠠᠭᠤᠯᠢ ᠶᠢᠨ ᠬᠢᠴᠢᠶᠡᠯ ᠪᠣᠯᠤᠨ ᠵᠢᠭᠠᠬᠤ ᠮᠠᠲ᠋ᠧᠷᠢᠶᠠᠯ ᠤᠨ | ᠰᠤᠳᠤᠯᠭᠠᠨ︾ ᠪᠠ ︽ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠣᠯᠤᠨ | ᠬᠡᠷᠡᠭᠵᠢᠭᠦᠯᠦᠯᠲᠡ︾ ᠭᠡᠬᠦ ᠬᠤᠶᠠᠷ ᠲᠦᠷᠦᠯ ᠤᠨ ᠬᠢᠴᠢᠶᠡᠯ ᠳᠤ ︽ᠰᠤᠷᠭᠠᠭᠤᠯᠢ ᠶᠢᠨ ᠳᠣᠲᠣᠨ᠎ᠠ ᠭᠠᠳᠠᠨ᠎ᠠ — | ᠵᠠᠭᠪᠤᠷᠴᠢᠯᠠᠬᠤ︾ ᠰᠦᠯᠵᠢᠶᠡᠨ ᠳᠠᠬᠢ ᠵᠢᠭᠠᠨ ᠰᠤᠷᠭᠠᠯᠲᠠ ᠶᠢ ᠬᠡᠷᠡᠭᠵᠢᠭᠦᠯᠪᠡ᠃ ᠨᠠᠨᠵᠢᠩ ᠤᠨ ᠪᠠᠭᠰᠢ ᠶᠢᠨ ᠶᠡᠭᠡ | ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ | ᠰᠤᠷᠭᠠᠭᠤᠯᠢ ᠵᠡᠷᠭᠡ ᠪᠣᠰᠤᠳ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ | ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ ᠶᠢᠨ ᠪᠦᠯᠬᠦᠮ ᠲᠠᠢ ᠬᠠᠮᠲᠤᠷᠠᠨ ᠵᠢᠭᠠᠨ ᠰᠤᠷᠭᠠᠯᠲᠠ ᠶᠢ ᠥᠷᠨᠢᠭᠦᠯᠵᠦ᠂ | ᠬᠢᠴᠢᠶᠡᠯ ᠤᠨ ᠵᠢᠭᠠᠨ ᠰᠤᠷᠭᠠᠯᠲᠠ ᠪᠠᠷ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠢ ᠪᠠᠶᠢᠭᠤᠯᠪᠠ︔ | ︽ᠨᠢᠭᠡᠳᠦᠭᠡᠷ ᠹᠷᠣᠨᠲ ᠤᠨ ᠪᠠᠭᠰᠢ + ᠰᠦᠯᠵᠢᠶᠡᠨ ᠤ ᠦᠢᠯᠡᠳᠦᠯᠭᠡ ᠶᠢᠨ ᠬᠢᠴᠢᠶᠡᠯᠯᠡᠭᠡ︾ ᠶᠢᠨ ᠵᠢᠭᠠᠨ | ᠰᠤᠷᠭᠠᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠪᠡ᠃ ᠤᠯᠠᠭᠠᠨᠬᠠᠳᠠ ᠬᠤᠲᠠ ᠶᠢᠨ ᠨᠠᠷᠠᠲᠤ ᠵᠢᠭᠠᠬᠤ ᠶᠢ ᠰᠤᠳᠤᠯᠤᠭᠴᠢ | ᠪᠠ ᠨᠢᠭᠡᠳᠦᠭᠡᠷ ᠹᠷᠣᠨᠲ ᠤᠨ ᠨᠠᠷᠠᠲᠤ ᠪᠠᠭᠰᠢ ᠶᠢ ᠤᠷᠢᠵᠤ᠂ ︽ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ | ᠪᠣᠯᠪᠠᠰᠤᠷᠠᠯ︾ ᠤᠨ ᠵᠢᠭᠠᠨ ᠰᠤᠷᠭᠠᠯᠲᠠ ᠶᠢᠨ ᠦᠵᠡᠭᠦᠯᠭᠡ ᠪᠠ ᠦᠢᠯᠡᠳᠦᠯᠭᠡ ᠶᠢᠨ ᠵᠢᠯᠣᠭᠤᠳᠣᠯᠭ᠎ᠠ ᠶᠢ | ᠰᠦᠯᠵᠢᠶᠡᠨ ᠳᠤ ᠥᠷᠨᠢᠭᠦᠯᠪᠡ᠃ ᠰᠣᠳᠤᠯᠬᠤ ᠰᠤᠷᠤᠭᠴᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠪᠡ᠃ | | | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠄ ᠰᠦᠯᠵᠢᠶᠡᠨ ᠳᠠᠬᠢ ᠵᠢᠭᠠᠨ ᠰᠤᠷᠭᠠᠯᠲᠠ ᠶᠢᠨ | ᠵᠣᠬᠢᠶᠠᠨ ᠪᠠᠶᠢᠭᠤᠯᠤᠯᠲᠠ ᠬᠦᠴᠦᠲᠡᠶ ᠪᠥᠭᠡᠳ ᠡᠮᠬᠢ ᠵᠢᠷᠤᠮᠲᠠᠢ ᠲᠣᠭᠲᠠᠭᠤᠨ ᠪᠠᠶᠢᠨ᠎ᠠ | ᠰᠣᠳᠤᠯᠬᠤ ᠰᠤᠷᠤᠭᠴᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ | ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠡᠮᠬᠢ ᠵᠢᠷᠤᠮᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠥᠪᠥᠷ | ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠰᠢᠷᠢᠰ ᠪᠢᠴᠢᠭ ᠮᠠᠲ᠋ᠧᠷᠢᠶᠠᠯ ᠨᠡᠶᠢᠲᠡᠯᠡᠵᠦ᠂ ᠰᠣᠳᠤᠯᠬᠤ | ᠰᠤᠷᠤᠭᠴᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠭᠠᠰᠬᠠᠬᠤ ᠥᠬᠡᠶ᠂ ᠰᠢᠨᠵᠢᠯᠡᠬᠦ ᠤᠬᠠᠭᠠᠨ ᠤ ᠰᠤᠳᠤᠯᠭᠠᠨ ᠢ | ᠲᠠᠰᠤᠯᠳᠠᠭᠤᠯᠬᠤ ᠥᠬᠡᠶ᠂ ᠤᠷᠠᠯᠢᠭ ᠤᠨ ᠰᠢᠨ᠎ᠡ ᠡᠭᠦᠳᠦᠯᠲᠡ ᠳᠠᠪᠰᠢᠯᠲᠠᠲᠠᠢ᠂ ᠡᠷᠳᠡᠮ ᠤᠨ ᠴᠣᠯᠠ ᠣᠯᠭᠤᠬᠤ ᠴᠢᠨᠠᠷ | ᠴᠢᠨᠰᠠᠭ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | | | | | | | ᠰᠤᠷᠭᠠᠭᠤᠯᠢ ᠠᠴᠠ 10 ᠰᠢᠯᠢᠳᠡᠭ ᠬᠢᠴᠢᠶᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ᠂ | ᠬᠢᠴᠢᠶᠡᠯ ᠤᠨ ᠪᠠᠭᠰᠢ ᠨᠠᠷ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠤᠭᠴᠢᠳ ᠤᠨ | ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ︾ ᠰᠤᠷᠭᠠᠨ ᠬᠥᠮᠦᠵᠢᠯ ᠤᠨ ᠣᠨᠣᠯᠵᠢᠬᠤᠨ ᠶᠣᠰᠤ ᠪᠠᠷ | ︽ᠰᠤᠷᠤᠯᠴᠠᠯᠭ᠎ᠠ ᠨᠡᠪᠲᠡᠷᠡᠯᠴᠡᠭᠡ + ᠲᠧᠩ ᠰᠢᠶᠦ᠋ᠨ ᠸᠢᠳᠢᠤ᠋ ᠬᠤᠷᠠᠯ + ᠸᠢᠴᠠᠲ ᠤᠨ ᠵᠢᠷᠭᠢᠶ᠎ᠡ︾ ᠵᠡᠷᠭᠡ ᠣᠯᠠᠨ | ᠲᠠᠪᠴᠠᠩ ᠢ ᠠᠭᠤᠰᠬᠠᠬᠤ ᠵᠠᠭᠪᠤᠷ ᠢ ᠬᠡᠷᠡᠭᠯᠡᠵᠦ᠂ ᠰᠦᠯᠵᠢᠶᠡᠨ ᠳᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢ | ᠥᠷᠨᠢᠭᠦᠯᠪᠡ︔ ᠲᠣᠰ ᠰᠤᠷᠭᠠᠭᠤᠯᠢ ᠨᠢ ᠵᠢᠯᠣᠭᠤᠳᠣᠭᠴᠢ ᠪᠠᠭᠰᠢ ᠨᠠᠷ ᠰᠣᠳᠤᠯᠬᠤ ᠰᠣᠷᠣᠭᠴᠢ ᠶᠢ ᠳᠠᠭᠠᠭᠠᠴᠢᠯᠠᠨ | ᠬᠠᠷᠢᠯᠴᠠᠬᠤ ᠲᠣᠭᠲᠠᠴᠠ ᠶᠢ ᠬᠡᠷᠡᠭᠵᠢᠭᠦᠯᠵᠦ᠂ ᠵᠢᠯᠣᠭᠤᠳᠣᠭᠴᠢ ᠪᠠᠭᠰᠢ ᠨᠠᠷ ᠰᠣᠳᠤᠯᠬᠤ ᠰᠣᠷᠣᠭᠴᠢ ᠶᠢᠨ ᠦᠵᠡᠯ | ᠰᠠᠨᠠᠭᠠᠨ ᠤ ᠬᠥᠮᠦᠵᠢᠯ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠰᠡᠳᠬᠢᠴᠡ ᠶᠢᠨ ᠵᠢᠯᠣᠭᠤᠳᠣᠯᠭ᠎ᠠ ᠶᠢ ᠦᠨᠡᠨ ᠬᠦ | ᠴᠢᠩᠭᠠᠳᠬᠠᠵᠤ᠂ ᠰᠣᠳᠤᠯᠬᠤ ᠰᠣᠷᠣᠭᠴᠢ ᠶᠢᠨ ᠪᠡᠶ᠎ᠡ ᠶᠢᠨ ᠪᠠᠶᠢᠳᠠᠯ᠂ ᠦᠵᠡᠯ ᠰᠠᠨᠠᠭᠠᠨ ᠤ ᠪᠠᠶᠢᠳᠠᠯ᠂ ᠬᠢᠴᠢᠶᠡᠯ | ᠰᠤᠷᠤᠯᠴᠠᠯᠭ᠎ᠠ ᠪᠠ ᠬᠢᠴᠢᠶᠡᠯ ᠪᠡᠶᠡᠯᠡᠭᠦᠯᠦᠭᠰᠡᠨ ᠪᠠᠶᠢᠳᠠᠯ᠂ ᠡᠷᠳᠡᠮ ᠤᠨ ᠴᠣᠯᠠ ᠶᠢᠨ ᠥᠭᠦᠯᠡᠯ ᠪᠠ ᠵᠣᠬᠢᠶᠠᠯ | ᠪᠥᠲᠦᠭᠡᠯ ᠤᠨ ᠦᠵᠡᠭᠦᠯᠭᠡ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠶᠢ ᠴᠠᠭ ᠲᠤᠬᠠᠶ ᠳᠤ ᠨᠢ ᠡᠵᠡᠮᠰᠢᠬᠦ ᠶᠢ ᠱᠠᠭᠠᠷᠳᠠᠪᠠ᠃ | | | | | | | | | | |