ᠬᠤᠸᠠᠩ ᠶᠠ ᠯᠢ ᠦᠬᠠᠶ ᠬᠤᠲᠠ᠂ ᠪᠠᠶᠠᠨᠨᠠᠭᠤᠷ ᠬᠤᠲᠠ ᠶᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2022/6/21
     6 ᠰᠠᠷ᠎ᠠ ᠶᠢᠨ 15 - 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠨᠡᠷ ᠲᠤᠬᠠᠶ ᠶᠢᠨ ᠭᠠᠵᠠᠷ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠵᠤ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠷᠢᠳ ᠬᠤᠵᠢᠳ ᠦᠬᠠᠶ ᠬᠤᠲᠠ᠂ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠬᠦᠷᠴᠦ ᠪᠠᠶᠢᠴᠠᠭᠠᠨ ᠰᠣᠳᠤᠯᠬᠤ ᠠᠵᠢᠯ ᠢ ᠥᠷᠨᠢᠭᠦᠯᠪᠡ᠃

     ᠬᠤᠸᠠᠩ ᠶᠠ ᠯᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ

ᠮᠥᠨ᠂ ᠡᠯ᠎ᠡ ᠭᠠᠵᠠᠷ ᠤᠨ ᠬᠢᠨ ᠰᠤᠷᠭᠠᠨ ᠬᠥᠮᠦᠵᠢᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ

ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢᠨ ︽ᠬᠤᠶᠠᠷ ᠢ ᠨᠡᠮᠡᠭᠳᠡᠭᠦᠯᠬᠦ ᠠᠴᠠ ᠪᠢᠰᠢ

ᠬᠠᠰᠤᠬᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂

ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠤᠷᠭᠠᠨ ᠬᠥᠮᠦᠵᠢᠯ ᠤᠨ ᠰᠢᠰᠲ᠋ᠧᠮ ᠤᠨ

ᠭᠤᠣᠯᠳᠠᠯᠭᠠᠲᠠᠢ ᠲᠥᠰᠦᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ

ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠪᠡ᠃

     ᠬᠤᠸᠠᠩ ᠶᠠ ᠯᠢ᠂ ᠡᠯ᠎ᠡ ᠭᠠᠵᠠᠷ ᠤᠨ ᠡᠯ᠎ᠡ ᠰᠤᠷᠭᠠᠭᠤᠯᠢ ᠡᠷᠬᠡᠪᠰᠢ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠢ ᠥᠷᠨᠢᠭᠦᠯᠵᠦ᠂ ᠦᠵᠡᠯ ᠤᠬᠠᠮᠰᠠᠷ ᠤᠨ

ᠬᠥᠮᠦᠵᠢᠯ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂

︽ᠲᠠᠪᠤᠨ ᠬᠥᠮᠥᠵᠢᠯ ᠢ ᠵᠡᠷᠭᠡ ᠪᠠᠷ ᠠᠳᠬᠤᠬᠤ︾ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠳᠣᠭᠲᠠᠯᠴᠠᠭ᠎ᠠ ᠶᠢ

ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ

ᠡᠷᠬᠢᠯᠡᠬᠦ ᠬᠡᠷᠡᠭᠲᠡᠢ᠃ ᠡᠯ᠎ᠡ ᠳᠡᠭᠡᠳᠦ ᠰᠤᠷᠭᠠᠭᠤᠯᠢ ᠪᠣᠳᠠᠲᠠᠶ ᠪᠠᠶᠢᠳᠠᠯ ᠳᠤ ᠰᠠᠭᠤᠷᠢᠯᠠᠨ᠂ ᠰᠤᠷᠭᠠᠭᠤᠯᠢ ᠡᠷᠭᠢᠯᠡᠬᠦ ᠪᠠᠶᠢᠷᠢ

ᠲᠣᠭᠲᠠᠭᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠨᠵᠢᠯᠡᠭᠡᠨ ᠤ ᠰᠠᠯᠠᠭ᠎ᠠ ᠪᠠ ᠲᠤᠰᠬᠠᠶ ᠮᠡᠷᠭᠡᠵᠢᠯ ᠤᠨ

ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ

ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ

ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠥᠷᠯᠥᠭᠡ ᠦᠳᠡᠰᠢ ᠶᠢ ᠲᠡᠮᠡᠴᠡᠬᠦ︾

ᠡᠷᠴᠢ ᠵᠣᠷᠢᠭ ᠢᠶᠠᠷ ᠲᠤᠬᠠᠶ ᠶᠢᠨ ᠭᠠᠵᠠᠷ ᠤᠨ ᠣᠨᠴᠠᠯᠢᠭ ᠲᠤ ᠨᠡᠶᠢᠴᠡᠭᠰᠡᠨ ᠬᠥᠭᠵᠢᠯᠲᠡ ᠶᠢᠨ ᠵᠠᠮ ᠢ ᠰᠦᠪᠡᠭᠴᠢᠯᠡᠬᠦ

ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠢᠮᠪᠠᠢ ᠨᠠᠶᠢᠳᠠᠪᠤᠷᠢᠵᠢᠭᠤᠯᠵᠤ᠂

ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ

ᠱᠠᠭᠠᠷᠳᠠᠪᠠ᠃

     ᠦᠬᠠᠶ ᠬᠤᠲᠠ᠂ ᠪᠠᠶᠠᠨᠨᠠᠭᠤᠷ ᠬᠤᠲᠠ ᠶᠢᠨ ᠬᠤᠯᠪᠤᠭᠳᠠᠬᠤ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ

ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号