ᠬᠤᠸᠠᠩ ᠶᠠ ᠯᠢ 2022 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠡᠳᠦᠪ ᠬᠢᠨᠠᠬᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/6/21
     6 ᠰᠠᠷ᠎ᠠ ᠶᠢᠨ 17 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ 2022 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠡᠳᠦᠪ ᠬᠢᠨᠠᠬᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃

     ᠬᠤᠸᠠᠩ ᠶᠠ ᠯᠢ ᠰᠢᠯᠭᠠᠯᠲᠠ ᠶᠢᠨ ᠰᠡᠳᠦᠪ ᠬᠢᠨᠠᠭᠴᠢᠳ ᠪᠣᠯᠤᠨ ᠠᠵᠢᠯᠲᠠᠳ ᠢ ᠲᠣᠬᠤᠨᠢᠭᠤᠯᠵᠤ ᠪᠠᠶᠢᠬᠤ ᠪᠠ

ᠲᠠᠯᠠᠷᠬᠠᠵᠤ ᠪᠠᠶᠢᠬᠤ ᠪᠠᠨ ᠢᠯᠡᠳᠭᠡᠭᠰᠡᠨ ᠤ ᠬᠠᠮᠲᠤ ᠲᠤᠬᠠᠢ ᠶᠢᠨ ᠭᠠᠵᠠᠷ ᠢ ᠪᠠᠶᠢᠴᠠᠭᠠᠨ ᠦᠵᠡᠬᠦ᠂ ᠬᠤᠯᠪᠤᠭᠳᠠᠬᠤ

ᠬᠠᠷᠢᠭᠤᠴᠠᠯᠭᠠᠲᠠᠨ ᠠᠴᠠ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠯᠭᠠᠯᠲᠠ ᠶᠢᠨ ᠰᠡᠳᠦᠪ

ᠬᠢᠨᠠᠬᠤ ᠴᠤᠪᠤᠷᠠᠯ᠂ ᠰᠢᠯᠭᠠᠯᠲᠠ ᠶᠢᠨ ᠰᠡᠳᠦᠪ ᠬᠢᠨᠠᠭᠴᠢᠳ ᠢ ᠰᠣᠩᠭᠤᠨ ᠤᠷᠢᠭᠰᠠᠨ᠂ ᠲᠤᠭ᠎ᠠ ᠪᠠᠷᠢᠮᠲᠠ ᠪᠠ ᠮᠡᠳᠡᠭᠡ

ᠵᠠᠩᠭᠢ ᠶᠢᠨ ᠠᠮᠤᠷ ᠲᠦᠪᠰᠢᠨ ᠵᠡᠷᠭᠡ ᠶᠢᠨ ᠪᠠᠶᠢᠳᠠᠯ ᠢ ᠨᠠᠷᠢᠨ ᠣᠶᠢᠯᠠᠭᠠᠪᠠ᠃

     ᠬᠤᠸᠠᠩ ᠶᠠ ᠯᠢ᠂ ᠡᠯ᠎ᠡ ᠬᠢᠴᠢᠶᠡᠯ ᠲᠥᠷᠦᠯ ᠤᠨ ᠳᠤᠭᠤᠶᠢᠯᠠᠩ ᠤᠨ ᠬᠢᠨ ᠨᠢᠭᠡᠨᠲᠡ ᠲᠣᠭᠲᠠᠭᠠᠭᠰᠠᠨ ᠬᠤᠪᠢ

ᠲᠣᠭᠲᠠᠭᠠᠬᠤ ᠨᠠᠷᠢᠨ ᠲᠦᠷᠢᠮ ᠢ ᠦᠷᠭᠦᠯᠵᠢᠯᠡᠨ ᠦᠨᠳᠦᠰᠦᠯᠡᠵᠦ᠂ ᠬᠤᠪᠢ ᠲᠣᠭᠲᠠᠭᠠᠬᠤ ᠪᠠᠷᠢᠮᠵᠢᠶ᠎ᠠ ᠶᠢ ᠴᠢᠩᠭ᠎ᠠ

ᠬᠡᠷᠡᠭᠵᠢᠭᠦᠯᠵᠦ᠂ ᠰᠢᠯᠭᠠᠯᠲᠠ ᠶᠢᠨ ᠰᠡᠳᠦᠪ ᠬᠢᠨᠠᠬᠤ  ᠴᠤᠪᠤᠷᠠᠯ ᠢ ᠴᠢᠩᠭ᠎ᠠ ᠳᠦᠷᠢᠮᠵᠢᠭᠦᠯᠵᠦ᠂ ᠴᠢᠨᠠᠷ ᠴᠢᠨᠰᠠᠭ᠎ᠠ ᠶᠢᠨ

ᠪᠠᠶᠢᠴᠠᠭᠠᠯᠲᠠ ᠶᠢ ᠴᠢᠩᠭ᠎ᠠ ᠥᠷᠨᠢᠭᠦᠯᠵᠦ᠂ ︽ᠬᠤᠪᠢ ᠥᠭᠬᠦ ᠨᠢ ᠵᠣᠬᠢᠰᠲᠠᠢ᠂ ᠬᠤᠪᠢ ᠬᠠᠰᠤᠬᠤ ᠨᠢ ᠪᠠᠷᠢᠮᠲᠠ ᠲᠠᠢ︾

ᠪᠠᠶᠢᠬᠤ ᠶᠢ ᠪᠡᠶᠡᠯᠡᠭᠦᠯᠵᠦ᠂ ︽ᠦᠷᠭᠦᠯᠵᠢ ᠨᠢᠭᠡ ᠯᠡ ᠪᠠᠷᠢᠮᠵᠢᠶ᠎ᠠ ᠪᠠᠷ ᠠᠵᠢᠯ ᠬᠢᠬᠦ ᠶᠢ ᠪᠠᠷᠢᠮᠲᠠᠯᠠᠬᠤ︾ ᠶᠢ ᠦᠨᠡᠨ ᠬᠦ

ᠪᠠᠲᠤᠯᠠᠬᠤ ᠬᠡᠷᠡᠭᠲᠡᠶ᠃ ᠠᠷᠠᠳ ᠲᠦᠮᠡᠨ᠂ ᠰᠢᠯᠭᠠᠭᠤᠯᠤᠭᠰᠠᠳ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ

ᠣᠪᠣᠷ ᠢᠶᠠᠷ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠰᠤᠷᠲᠠᠯ ᠢᠶᠠᠷ

ᠰᠢᠯᠭᠠᠯᠲᠠ ᠶᠢᠨ ᠰᠡᠳᠦᠪ ᠬᠢᠨᠠᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ

ᠬᠡᠷᠡᠭᠲᠡᠶ᠃ ᠡᠭᠦᠨ ᠤ ᠬᠠᠮᠲᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠ ᠪᠠᠶᠢᠷᠢ ᠲᠠᠯᠠᠪᠤᠷ ᠤᠨ ᠠᠮᠤᠷ ᠲᠦᠪᠰᠢᠨ ᠢ ᠬᠠᠮᠢᠶᠠᠷᠬᠤ ᠠᠷᠭ᠎ᠠ ᠬᠡᠮᠵᠢᠶ᠎ᠡ ᠪᠠᠨ

ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠵᠦ᠂

ᠰᠢᠯᠭᠠᠯᠲᠠ ᠶᠢᠨ ᠰᠡᠳᠦᠪ ᠬᠢᠨᠠᠭᠴᠢᠳ ᠲᠤ ᠲᠠᠭᠠᠯᠠᠮᠵᠢᠲᠠᠶ᠂ ᠬᠠᠯᠠᠭᠤᠨ ᠳᠤᠯᠠᠭᠠᠨ ᠠᠵᠢᠯ ᠤᠨ ᠣᠷᠴᠢᠨ ᠲᠣᠭᠤᠷᠢᠨ ᠢ

ᠡᠭᠦᠳᠴᠦ ᠥᠭᠬᠦ ᠬᠡᠷᠡᠭᠲᠡᠢ ᠭᠡᠵᠦ ᠱᠠᠭᠠᠷᠳᠠᠪᠠ᠃

     ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠠᠯᠲᠠᠨᠰᠠᠩ᠂

ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠵᠠᠩ

ᠬᠠᠢ ᠹᠧᠩ ᠪᠠᠶᠢᠴᠠᠭᠠᠵᠤ ᠬᠢᠨᠠᠨ ᠵᠢᠯᠣᠭᠤᠳᠬᠤ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号