ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2022 ᠣᠨ ᠤ ᠠᠵᠢᠯᠲᠠᠨ ᠠᠵᠢᠯᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2022/6/22
     ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠶᠢᠭᠤᠯᠭ᠎ᠠ ᠶᠢᠨ ᠪᠦᠯᠬᠦᠮᠳᠡᠯ ᠤᠨ ᠬᠦᠴᠦᠨ᠂ ᠲᠥᠪᠯᠡᠷᠡᠩᠭᠦᠶ ᠬᠦᠴᠦᠨ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ᠂ ᠨᠡᠷᠡᠨ ᠭᠡᠷᠡᠯᠲᠦ ᠬᠥᠳᠡᠯᠭᠡᠭᠡᠨ ᠢ ᠰᠠᠨᠠᠭᠠᠴᠢᠯᠠᠵᠤ᠂ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 17  ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ 2022 ᠣᠨ ᠤ ᠠᠵᠢᠯᠲᠠᠨ ᠠᠵᠢᠯᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠵᠠᠨ ᠹᠧᠩ ᠤᠷᠤᠯᠳᠤᠭᠠᠨ ᠡᠬᠢᠯᠡᠭᠰᠡᠨ ᠢ ᠵᠠᠷᠯᠠᠪᠠ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠶᠣᠤ ᠳ᠋ᠧ ᠪᠠᠶᠠᠷ ᠤᠨ ᠦᠭᠡ ᠳᠡᠪᠰᠢᠭᠦᠯᠪᠡ᠃

     ᠡᠨᠡ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ ︽ᠪᠦᠯᠬᠦᠮᠳᠡᠯ ᠨᠢᠭᠲᠠᠷᠠᠯ᠂

ᠪᠣᠯᠪᠠᠰᠤᠨ ᠰᠠᠶᠢᠬᠠᠨ᠂ ᠡᠷᠡᠭᠦᠯ ᠡᠩᠬᠡ᠂ ᠡᠷᠡᠯᠬᠡᠭᠯᠡᠨ ᠤᠷᠤᠭᠰᠢᠯᠠᠬᠤ︾ ᠪᠠᠷ ᠵᠣᠷᠢᠯᠲᠠ ᠪᠣᠯᠭᠠᠵᠤ᠂ ︽ᠦᠪᠡᠳᠡᠭᠰᠢ

ᠶᠡᠭᠡ᠂ ᠬᠥᠷ ᠬᠥᠭᠵᠢᠶᠡᠨᠲᠡᠶ᠂ ᠭᠤᠶᠢᠳᠠ ᠰᠠᠶᠢᠬᠠᠨ᠂ ᠠᠷᠪᠢᠴᠢ ᠭᠠᠮᠲᠠᠶ︾ ᠬᠡᠪ ᠨᠠᠮᠪᠠ ᠪᠠᠷ ᠳᠣᠭᠲᠠᠭᠰᠠᠨ ᠴᠡᠭ ᠠᠴᠠ

ᠰᠠᠭᠰᠤᠯᠠᠬᠤ᠂ ᠬᠠᠮᠵᠢᠯᠴᠠᠨ ᠪᠥᠮᠪᠦᠭᠡ ᠠᠯᠠᠭᠠᠳᠠᠬᠤ᠂ ᠴᠠᠭᠠᠷᠢᠭ ᠳᠠᠮᠵᠢᠭᠤᠯᠬᠤ᠂ ᠨᠢᠷᠤᠭᠤᠨ ᠳᠤ ᠪᠠᠨ ᠰᠠᠭᠰᠤᠨ

ᠪᠥᠮᠪᠦᠭᠡ ᠬᠠᠪᠴᠢᠭᠤᠯᠤᠭᠰᠠᠨ ᠪᠤᠤᠭᠢᠶ᠎ᠠ ᠤᠷᠤᠯᠳᠤᠭᠠᠨ᠂ ᠵᠢᠭᠠᠰᠤ ᠭᠦᠬᠢᠳᠡᠬᠦ ᠪᠣᠤᠭᠢᠶ᠎ᠠ ᠤᠷᠤᠯᠳᠤᠭᠠᠨ᠂

ᠬᠡᠩᠭᠡᠷᠭᠡ ᠶᠢᠨ ᠢᠵᠢᠯ ᠲᠥᠪ ᠢ ᠴᠣᠬᠢᠬᠤ ᠵᠡᠷᠭᠡ 6 ᠬᠠᠮᠲᠤ ᠶᠢᠨ ᠤᠷᠤᠯᠳᠤᠭᠠᠨ ᠤ ᠲᠥᠷᠥᠯ ᠵᠦᠢᠯ ᠢ

ᠲᠣᠬᠢᠷᠠᠭᠤᠯᠵᠤ᠂ ᠡᠲᠡᠭᠡᠷ ᠲᠥᠷᠥᠯ ᠵᠦᠢᠯ ᠨᠢ ᠠᠮᠤᠷ ᠲᠦᠪᠰᠢᠨ ᠴᠢᠨᠠᠷ᠂ ᠰᠣᠨᠢᠷᠬᠠᠯᠲᠤ ᠴᠢᠨᠠᠷ᠂ ᠤᠷᠤᠯᠳᠤᠭᠠᠨ ᠤ

ᠴᠢᠨᠠᠷ ᠢ ᠨᠢᠭᠡ ᠴᠣᠭᠴᠠᠵᠢᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ

ᠪᠠᠶᠠᠷ ᠪᠠᠶᠠᠰᠤᠯ ᠪᠠ ᠡᠷᠡᠭᠦᠯ ᠮᠡᠨᠳᠦ ᠶᠢ ᠬᠠᠮᠲᠤ ᠪᠠᠷ ᠡᠳ᠋ᠯᠡᠭᠦᠯᠦᠭᠰᠡᠨ ᠪᠠᠷ ᠪᠠᠷᠠᠬᠤ ᠥᠬᠡᠶ ᠣᠯᠠᠨ ᠤ ᠪᠥᠯᠬᠦᠮ

ᠨᠡᠶᠢᠲᠡ ᠶᠢᠨ ᠬᠠᠮᠳᠤᠷᠠᠨ ᠠᠵᠢᠯᠯᠠᠬᠤ ᠤᠬᠠᠮᠰᠠᠷ ᠪᠠ ᠬᠠᠮᠲᠤᠴᠢ ᠦᠵᠡᠯ ᠤᠨ ᠵᠣᠷᠢᠭ ᠰᠠᠨᠠᠭ᠎ᠠ ᠶᠢ ᠤᠯᠠᠮ ᠴᠠᠭᠠᠰᠢᠲᠠ

ᠬᠥᠭᠵᠢᠭᠡᠪᠡ᠃ ᠤᠷᠤᠯᠳᠤᠭᠠᠨ ᠳᠤ᠂ ᠡᠯ᠎ᠡ ᠳᠤᠭᠤᠶᠢᠯᠠᠩ ᠤᠨ ᠬᠢᠨ ᠴᠤᠭ ᠵᠢᠪᠬᠤᠭ᠎ᠠ ᠲᠡᠭᠦᠯᠳᠡᠷ᠂ ᠦᠨᠡᠨ ᠰᠡᠳᠬᠢᠯ

 ᠠᠴᠠ ᠪᠠᠨ ᠬᠠᠮᠲᠤᠷᠠᠨ ᠠᠵᠢᠯᠯᠠᠵᠤ᠂ ᠢᠨᠢᠶᠡᠬᠦ ᠲᠠᠭᠤᠨ᠂ ᠠᠯᠠᠭ᠎ᠠ ᠲᠠᠰᠢᠬᠤ ᠲᠠᠭᠤᠨ᠂ ᠴᠢᠷᠮᠠᠢ ᠭᠡᠬᠦ ᠲᠠᠭᠤᠨ᠂

ᠤᠷᠠᠶᠢᠯᠠᠬᠤ ᠲᠠᠭᠤᠨ ᠲᠠᠰᠤᠷᠠᠯᠲᠠ ᠥᠬᠡᠶ ᠦᠷᠭᠦᠯᠵᠢᠯᠡᠵᠦ᠂ ᠤᠷᠤᠯᠳᠤᠭᠠᠨ ᠤ ᠠᠭᠤᠷ ᠠᠮᠢᠰᠬᠤᠯ ᠪᠠᠶᠠᠷ ᠬᠥᠷ ᠢᠶᠠᠷ

ᠪᠢᠯᠬᠠᠵᠤ᠂ ᠰᠤᠷᠭᠠᠨ ᠬᠥᠮᠦᠵᠢᠯ ᠤᠨ ᠠᠵᠢᠯᠲᠠᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ

ᠢᠯᠡᠷᠡᠭᠦᠯᠪᠡ᠃

     ᠡᠨᠡ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ ᠳᠠᠮᠵᠢᠭᠤᠯᠤᠨ᠂ ᠪᠦᠬᠦ ᠺᠠᠳ᠋ᠷ

ᠠᠵᠢᠯᠲᠠᠨ ᠠᠵᠢᠯᠴᠢᠨ ᠤ ᠬᠠᠷᠢᠴᠠᠭ᠎ᠠ ᠶᠢ ᠨᠢᠭᠲᠠᠷᠠᠭᠤᠯᠵᠤ᠂ ᠨᠥᠬᠦᠷᠯᠡᠯ ᠢ ᠭᠦᠨᠵᠡᠭᠡᠶᠢᠷᠡᠭᠦᠯᠪᠡ᠃ ᠤᠯᠠᠨ ᠢᠶᠠᠷ ᠢᠶᠠᠨ

ᠡᠨᠡ ᠤᠳᠠᠭᠠᠨ ᠤ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠬᠦᠴᠦᠯᠡᠨ ᠴᠢᠷᠮᠠᠶᠢᠵᠤ ᠦᠢᠯᠡᠰ ᠪᠥᠲᠦᠭᠡᠬᠦ᠂

ᠬᠦᠴᠢᠷ ᠪᠡᠷᠬᠡ ᠶᠢ ᠳᠡᠰᠪᠦᠷᠢᠯᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠬᠦ᠂ ᠪᠦᠯᠬᠦᠮᠳᠡᠨ ᠬᠠᠮᠵᠢᠯᠴᠠᠬᠤ ᠵᠣᠷᠢᠭ

ᠰᠠᠨᠠᠭ᠎ᠠ ᠶᠢ ᠪᠠᠳᠠᠷᠠᠭᠤᠯᠵᠤ᠂ ᠨᠡᠩ ᠲᠡᠭᠦᠯᠳᠡᠷ ᠤᠶᠤᠨ ᠴᠢᠳᠠᠯ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ

ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠳᠠᠷᠠᠭ᠎ᠠ ᠠᠯᠬᠤᠮ ᠤᠨ ᠠᠵᠢᠯ ᠳᠤ ᠪᠠᠨ ᠣᠷᠣᠵᠤ᠂ ᠬᠦᠴᠢᠷ ᠢ

ᠲᠤᠭᠤᠯᠤᠨ ᠪᠡᠷᠬᠡ ᠶᠢ ᠳᠠᠪᠠᠵᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠢᠯᠡᠰ ᠤᠨ ᠨᠡᠩ ᠰᠠᠶᠢᠨ

ᠰᠠᠶᠢᠬᠠᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ︕

     ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ︵ᠬᠡᠰᠡᠭ︶ ᠤᠨ ᠬᠡᠰᠢᠭᠦᠳ᠂ ᠥᠪᠥᠷ ᠮᠣᠩᠭᠤᠯ ᠤᠨ

ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠦᠨ ᠭᠦᠸᠧ ᠴᠢᠤᠸᠠᠨ᠂ ᠥᠪᠥᠷ

ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠳᠤᠷᠢᠳᠬᠤ ᠪᠠᠭ ︵ᠬᠡᠰᠡᠭ︶ ᠤᠨ ᠬᠡᠰᠢᠭᠦᠳ᠂

ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ

ᠬᠡᠰᠡᠭ ᠺᠠᠳ᠋ᠷ ᠠᠵᠢᠯᠲᠠᠨ ᠠᠵᠢᠯᠴᠢᠨ ᠠᠵᠢᠯᠯᠠᠭ᠎ᠠ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号