ᠥᠪᠥᠷ ᠮᠣᠩᠭᠤᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠥᠭᠡᠷᠡᠴᠢᠯᠡᠯᠲᠡ ᠶᠢ ᠡᠬᠢᠯᠡᠭᠦᠯᠪᠡ — 2022 ᠣᠨ ᠤ ᠨᠠᠮᠤᠷ ᠤᠨ ᠤᠯᠠᠷᠢᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠣᠯᠣᠳᠤᠭᠠᠷ ᠣᠨ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/6/23
     6 ᠰᠠᠷ᠎ᠠ ᠶᠢᠨ 22 ᠤᠨ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠳᠦᠭᠦᠮᠴᠢᠯᠡᠨ᠎ᠡ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠮᠠᠨ ᠤ ᠣᠷᠣᠨ 2022 ᠣᠨ ᠤ ᠨᠠᠮᠤᠷ ᠤᠨ ᠤᠯᠠᠷᠢᠯ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ ᠳᠣᠯᠣᠳᠤᠭᠠᠷ ᠣᠨ ᠠᠴᠠ ᠡᠬᠢᠯᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ 2025 ᠣᠨ ᠪᠣᠯᠬᠤ ᠳᠤ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢᠨ ᠰᠢᠨ᠎ᠡ ᠬᠤᠪᠢᠷᠠᠯᠲᠠ ᠶᠢ ᠬᠠᠮᠲᠤ ᠳᠤ ᠪᠠᠨ ᠦᠵᠡᠵᠡᠭᠡᠶ᠎ᠡ︕      ᠬᠤᠪᠢᠷᠠᠯᠲᠠ ᠨᠢᠭᠡ᠄ ︽ᠬᠤᠶᠠᠷ ᠰᠢᠯᠭᠠᠯᠲᠠ ᠶᠢ ᠨᠢᠭᠡᠳᠬᠡᠵᠦ᠂ ᠨᠢᠭᠡ ᠰᠢᠯᠭᠠᠯᠲᠠ ᠶᠢ ᠣᠯᠠᠨ ᠲᠠᠯ᠎ᠠ ᠪᠠᠷ      ᠬᠡᠷᠡᠭᠯᠡᠬᠦ︾      ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢ ᠬᠡᠷᠡᠭᠵᠢᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠢᠯᠭᠠᠯᠲᠠ ᠪᠣᠯᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠰᠢᠯᠭᠠᠯᠲᠠ ᠶᠢ ᠣᠯᠠᠨ ᠲᠠᠯ᠎ᠠ ᠪᠠᠷ ᠬᠡᠷᠡᠭᠯᠡᠬᠦ ᠶᠢ ᠪᠡᠶᠡᠯᠡᠭᠦᠯᠵᠦ᠂ ᠣᠯᠠᠨ ᠤᠳᠠᠭᠠᠨ ᠤ ᠰᠢᠯᠭᠠᠯᠲᠠ ᠠᠴᠠ ᠵᠠᠶᠢᠯᠠᠰᠬᠢᠵᠦ᠂ ᠰᠤᠷᠤᠭᠴᠢᠳ ᠤᠨ ᠳᠠᠬᠢᠨ ᠳᠠᠪᠲᠠᠨ ᠰᠢᠯᠭᠠᠯᠲᠠ ᠳᠤ ᠪᠡᠯᠡᠳᠬᠡᠬᠦ ᠳᠠᠷᠤᠭᠠᠰᠤ ᠪᠠ ᠳᠠᠷᠤᠯᠲᠠ ᠶᠢ ᠬᠥᠩᠭᠡᠷᠡᠭᠦᠯᠦᠨ᠎ᠡ᠃      ᠬᠤᠪᠢᠷᠠᠯᠲᠠ ᠬᠤᠶᠠᠷ᠄ ︽ᠬᠤᠶᠠᠷ ᠢ ᠦᠨᠳᠦᠰᠦᠯᠡᠬᠦ︾ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠦᠨ᠎ᠡ      2025 ᠣᠨ ᠠᠴᠠ ᠡᠬᠢᠯᠡᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠭᠰᠠᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠦᠨ᠎ᠡ᠃ ᠰᠤᠷᠤᠭᠴᠢᠳ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠬᠤ ᠳᠤ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢ ᠵᠠᠷᠴᠢᠮ ᠳᠡᠭᠡᠷ᠎ᠡ ᠪᠠᠨ ︽C︾ ᠵᠡᠷᠭᠡ ᠠᠴᠠ ᠳᠡᠭᠡᠭᠰᠢ ᠪᠠᠶᠢᠯᠭᠠᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠬᠤ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢ ᠵᠠᠷᠴᠢᠮ ᠳᠡᠭᠡᠷ᠎ᠡ ᠪᠠᠨ ︽B︾ ᠵᠡᠷᠭᠡ ᠠᠴᠠ ᠳᠡᠭᠡᠭᠰᠢ ᠪᠠᠶᠢᠯᠭᠠᠬᠤ ᠬᠡᠷᠡᠭᠲᠡᠶ᠃      ᠬᠤᠪᠢᠷᠠᠯᠲᠠ ᠭᠤᠷᠪᠠ᠄ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ ᠭᠠᠷᠭᠠᠬᠤ ᠶᠢ      ᠬᠡᠷᠡᠭᠵᠢᠭᠦᠯᠦᠨ᠎ᠡ      2025 ᠣᠨ ᠠᠴᠠ ᠡᠬᠢᠯᠡᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠤᠪᠢ ᠪᠤᠳᠤᠬᠤ ᠬᠢᠴᠢᠶᠡᠯ ᠲᠥᠷᠥᠯ ᠳᠤ ᠣᠷᠣᠭᠤᠯᠬᠤ ᠪᠢᠷ ᠤᠨ ᠰᠢᠯᠭᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ ᠭᠠᠷᠭᠠᠵᠤ᠂ ᠰᠢᠯᠭᠠᠭᠤᠯᠵᠤ᠂ ᠰᠢᠯᠭᠠᠯᠲᠠ ᠰᠢᠯᠭᠠᠯᠲᠠ ᠶᠢᠨ ᠰᠡᠳᠦᠪ ᠢ ᠬᠢᠨᠠᠵᠤ᠂ ᠬᠢᠷᠢ ᠪᠦᠲᠦᠮᠵᠢ ᠶᠢ ᠨᠡᠶᠢᠲᠡᠯᠡᠬᠦ ᠳᠤ ᠪᠠᠨ ᠬᠢᠴᠢᠶᠡᠯ ᠤᠨ ᠪᠠᠷᠢᠮᠵᠢᠶ᠎ᠠ ᠪᠠᠷ ᠰᠡᠳᠦᠪ ᠭᠠᠷᠭᠠᠬᠤ ᠶᠢ ᠴᠢᠩᠭ᠎ᠠ ᠦᠨᠳᠦᠰᠦᠯᠡᠵᠦ᠂ ᠰᠡᠳᠦᠪ ᠭᠠᠷᠭᠠᠬᠤ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠣᠷᠤᠭ᠎ᠠ ᠰᠡᠳᠦᠪ᠂ ᠬᠠᠴᠢᠨ ᠰᠡᠳᠦᠪ᠂ ᠪᠠᠷᠢᠮᠵᠢᠶ᠎ᠠ ᠠᠴᠠ ᠬᠡᠲᠦᠷᠡᠭᠰᠡᠨ ᠰᠡᠳᠦᠪ ᠭᠠᠷᠭᠠᠬᠤ ᠠᠴᠠ ᠵᠠᠶᠢᠯᠠᠰᠬᠢᠨ᠎ᠡ᠃      ᠡᠭᠦᠨ ᠠᠴᠠ ᠭᠠᠳᠠᠨ᠎ᠠ᠂ ︽ᠬᠡᠷᠡᠭᠵᠢᠭᠦᠯᠬᠦ ᠲᠥᠰᠦᠯ︾ ᠳᠤ ᠡᠯ᠎ᠡ ᠭᠠᠵᠠᠷ ᠤᠨ ᠡᠯ᠎ᠡ ᠰᠤᠷᠭᠠᠭᠤᠯᠢ ᠨᠢᠭᠡᠳᠦᠯᠲᠡᠶ ᠡᠯᠰᠡᠬᠦ ᠠᠷᠭ᠎ᠠ ᠪᠠᠨ ᠲᠡᠭᠦᠯᠳᠡᠷᠵᠢᠭᠦᠯᠵᠦ᠂ ᠬᠤᠪᠢ᠂ ᠬᠤᠪᠢ + ᠳᠡᠰ ᠤᠨ ᠳ᠋ᠤᠭᠠᠷ᠂ ᠳᠡᠰ ᠤᠨ ᠳ᠋ᠤᠭᠠᠷ ᠵᠡᠷᠭᠡ ᠣᠯᠠᠨ ᠡᠰᠢᠲᠦ ᠬᠢᠷᠢ ᠪᠦᠲᠦᠮᠵᠢ ᠶᠢ ᠢᠯᠡᠷᠡᠭᠦᠯᠬᠦ ᠠᠷᠭ᠎ᠠ ᠮᠠᠶ᠋ᠢᠭ ᠢ ᠢᠳᠡᠪᠬᠢᠲᠡᠶ ᠰᠦᠪᠡᠭᠴᠢᠯᠡᠨ ᠬᠡᠷᠡᠭᠯᠡᠵᠦ ᠰᠤᠷᠤᠭᠴᠢ ᠡᠯᠰᠡᠨ᠎ᠡ᠃ ᠠᠰ ᠲᠤ ᠨᠢ ᠡᠯᠰᠡᠬᠦ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠴᠢᠨᠠᠷᠲᠠᠶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠬᠠᠷᠢᠶ᠎ᠠ ᠭᠠᠵᠠᠷ ᠲᠠᠬᠢ ᠪᠤᠰᠤᠳ ᠴᠢᠨᠠᠷᠯᠢᠭ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠴᠥᠮ ᠠᠰ ᠲᠤ ᠨᠢ ᠡᠯᠰᠡᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠠᠰ ᠲᠤ ᠨᠢ ᠡᠯᠰᠡᠬᠦ ᠬᠠᠷᠢᠴᠠᠯ ᠢ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠶᠢ ᠳᠦᠷᠢᠮᠵᠢᠭᠦᠯᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠣᠬᠢᠴᠠᠩᠭᠤᠶ ᠪᠠᠷ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠮᠠᠳᠠᠭ ᠢ ᠠᠯᠳᠠᠷᠠᠭᠠᠵᠤ ᠲᠥᠭᠡᠷᠢᠭᠳᠡᠯ ᠢ ᠲᠠᠶᠢᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠵᠦᠪᠯᠡᠯᠭᠡ ᠥᠭᠬᠦ ᠤᠲᠠᠰᠤ 0471 - 2856617 ︵ᠠᠵᠢᠯ ᠤᠨ ᠡᠳᠦᠷ ᠤᠨ 9᠄ 00 -12᠄ 00   14᠄ 30 -17᠄ 30︶ ᠶᠢ ᠨᠡᠪᠲᠡᠷᠡᠭᠦᠯᠪᠡ︔ ᠵᠦᠪᠯᠡᠯᠭᠡ ᠥᠭᠬᠦ ᠲᠠᠪᠴᠠᠩ ︵ᠳᠤᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠦᠨᠡᠨ ᠨᠡᠷ᠎ᠡ ᠪᠠᠷ ᠳᠠᠩᠰᠠᠯᠠᠭᠤᠯᠤᠨ᠎ᠠ︶ ᠪᠠ ᠢᠮᠧᠯ     zkzdgg@163.com᠂ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠦᠨᠡᠨᠴᠢ ᠪᠠᠷ ᠦᠢᠯᠡᠴᠢᠯᠡᠨ᠎ᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号