ᠪᠥᠬᠦ ᠣᠷᠣᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢᠨ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2022/6/23
     ᠮᠠᠨ ᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠠᠬᠢᠭᠤᠯᠬᠤ ᠶᠢᠨ ᠲᠥᠯᠦᠭᠡ᠂ 6 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢᠨ ᠬᠢᠴᠢᠶᠡᠯ ᠡᠬᠢᠯᠡᠪᠡ᠃      ᠡᠨᠡ ᠤᠳᠠᠭᠠᠨ ᠤ ᠪᠣᠯᠪᠠᠰᠤᠷᠠᠭᠤᠯᠤᠯ ᠤᠨ ᠠᠩᠭᠢ ᠳᠤ 3 ᠬᠤᠭᠤᠴᠠᠭᠠᠨ ᠤ ᠲᠠᠶᠢᠯᠤᠮᠵᠢ ᠶᠢ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠨᠡᠶᠢᠭᠡᠮᠯᠢᠭ ᠠᠴᠠ ᠲᠠᠨᠢᠯᠴᠠᠭᠤᠯᠤᠭᠰᠠᠨ᠂ ᠬᠠᠤᠯᠢ ᠴᠠᠭᠠᠵᠠ ᠶᠢᠨ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠠᠤᠯᠢᠴᠢ ᠵᠠᠩ ᡁᠢ ᠭᠠᠩ ᠢ ᠤᠷᠢᠵᠤ᠂ ᠲᠣᠰ ᠲᠣᠰ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠰᠠᠭᠤᠷᠢ ᠣᠨᠣᠯ ᠵᠢᠴᠢ ᠪᠣᠳᠠᠲᠤ ᠴᠣᠭᠴᠠ ᠶᠢᠨ ᠦᠨᠳᠦᠰᠦᠯᠡᠯ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠬᠤᠯᠪᠤᠭᠳᠠᠬᠤ ᠲᠠᠰ ᠳᠠᠷᠠᠭᠠᠯᠠᠯ ᠢ ᠳᠦᠷᠢᠮᠵᠢᠭᠦᠯᠬᠦ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠭᠤᠤᠯᠳᠠᠯᠭ᠎ᠠ ᠪᠣᠯᠤᠨ ᠬᠦᠴᠢᠷ ᠠᠰᠠᠭᠤᠳᠠᠯ ᠢ ᠡᠮᠬᠢᠯᠡᠬᠦ ᠪᠠ ᠠᠷᠭᠠᠴᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠷ ᠪᠣᠯᠪᠠᠰᠤᠷᠠᠭᠤᠯᠤᠯ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠴᠢᠨᠠᠷ ᠴᠢᠨᠰᠠᠭ᠎ᠠ᠂ ᠦᠷ᠎ᠡ ᠪᠦᠲᠦᠮᠵᠢ ᠪᠠ ᠠᠵᠢᠯᠲᠠᠨ ᠤ ᠬᠠᠤᠯᠢ ᠶᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠤ ᠪᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠣᠯᠪᠠᠰᠤᠷᠠᠭᠤᠯᠤᠯ ᠤᠨ ᠠᠩᠭᠢ ᠳᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠶᠢᠨ ᠬᠢᠨ ᠪᠠᠷᠢᠮᠵᠢᠶᠠᠯᠠᠨ ᠬᠠᠷᠢᠴᠠᠭᠤᠯᠵᠤ ᠭᠤᠤᠯᠳᠠᠯᠭ᠎ᠠ ᠶᠢ ᠠᠳᠬᠤᠨ᠂ ᠬᠡᠯᠪᠡᠷᠢ ᠪᠠᠨ ᠥᠭᠡᠷᠡᠲᠦᠭᠦᠯᠦᠭᠰᠡᠨ ᠬᠢᠴᠢᠶᠡᠯ ᠲᠥᠷᠥᠯ  ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠭᠦᠯᠬᠦ ᠪᠠ ᠬᠠᠮᠲᠤᠷᠠᠨ ᠬᠠᠤᠯᠢ ᠶᠢ ᠬᠡᠷᠡᠭᠵᠢᠭᠦᠯᠬᠦ ᠶᠢ ᠥᠷᠨᠢᠭᠦᠯᠬᠦ ᠶᠠᠪᠤᠴᠠ ᠳᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠬᠦᠨᠳᠦ ᠡᠭᠦᠷᠭᠡ ᠶᠢ ᠡᠭᠦᠷᠭᠡᠯᠡᠵᠦ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠡᠯ᠎ᠡ ᠬᠤᠯᠪᠤᠭᠳᠠᠬᠤ ᠨᠢᠭᠡᠴᠢ ᠶᠢᠨ ᠬᠤᠭᠤᠷᠣᠨᠳᠣᠬᠢ ᠨᠡᠪᠲᠡᠷᠡᠯᠴᠡᠭᠡ ᠪᠠ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠶ᠃ ᠲᠦᠷᠭᠡᠨ ᠠᠴᠠ ᠲᠦᠷᠭᠡᠨ ᠬᠢᠯᠠᠰ ᠴᠡᠭ ᠢ ᠭᠠᠷᠭᠠᠵᠤ᠂ ᠠᠯᠬᠤᠮ ᠠᠯᠬᠤᠮ ᠢᠶᠠᠷ ᠠᠬᠢᠭᠤᠯᠵᠤ᠂ ᠪᠦᠬᠦ ᠴᠤᠪᠤᠷᠠᠯ᠂ ᠪᠦᠬᠦ ᠶᠠᠪᠤᠴᠠ ᠳᠤ ᠬᠠᠤᠯᠢ ᠶᠢ ᠬᠡᠷᠡᠭᠵᠢᠭᠦᠯᠬᠦ ᠰᠢᠰᠲ᠋ᠧᠮ ᠢ ᠥᠳᠲᠡᠷ ᠲᠦᠷᠭᠡᠨ ᠰᠦᠪᠡᠭᠴᠢᠯᠡᠨ ᠪᠦᠷᠢᠯᠳᠦᠭᠦᠯᠵᠦ᠂ ᠨᠢᠭᠡ ᠪᠦᠯᠦᠭ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠪᠤᠢ ᠪᠣᠯᠭᠠᠬᠤ ᠬᠡᠷᠡᠭᠲᠡᠢ᠃ ᠪᠥᠬᠦ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠶᠢ ᠬᠡᠷᠡᠭᠵᠢᠭᠦᠯᠬᠦ ᠳᠣᠭᠲᠠᠯᠴᠠᠭ᠎ᠠ ᠶᠢ ᠠᠯᠬᠤᠮ ᠠᠯᠬᠤᠮ  ᠢᠶᠠᠷ ᠪᠠᠶᠢᠭᠤᠯᠬᠤ ᠶᠢ ᠣᠯᠠᠨ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠪᠣᠯᠪᠠᠰᠤᠷᠠᠭᠤᠯᠤᠯ ᠤᠨ ᠠᠩᠭᠢ ᠶᠢ ᠰᠦᠯᠵᠢᠶᠡᠨ ᠳᠤ ᠡᠷᠭᠢᠯᠡᠬᠦ ᠬᠡᠯᠪᠡᠷᠢ ᠪᠠᠷ ᠡᠷᠭᠢᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠳᠣᠪᠴᠢᠶᠠᠨ ᠤ ᠬᠤᠪᠢᠳᠠᠨ ᠬᠠᠮᠢᠶᠠᠷᠬᠤ ᠳᠣᠪᠴᠢᠶᠠᠨ ᠤ ᠤᠳᠤᠷᠢᠳᠤᠯᠭ᠎ᠠ ᠪᠣᠯᠤᠨ ᠬᠤᠯᠪᠤᠭᠳᠠᠬᠤ ᠠᠵᠢᠯ ᠤᠨ ᠰᠠᠯᠠᠭ᠎ᠠ ︵ᠲᠠᠰᠤᠭ︶ ᠶᠢᠨ ᠬᠠᠷᠢᠭᠤᠴᠠᠯᠭᠠᠲᠠᠨ᠂ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号