ᠥᠪᠥᠷ ᠮᠣᠩᠭᠤᠯ ︽ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠵᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ ᠬᠤᠪᠢᠰᠬᠠᠯ ᠤᠨ ᠲᠠᠶᠢᠯᠪᠤᠷᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/6/24
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠤᠭᠴᠢᠳ ᠤᠨ ᠲᠠᠷᠢᠬᠢ ᠲᠣᠯᠣᠭᠠᠢ ᠶᠢ ᠵᠡᠪᠰᠡᠭᠯᠡᠬᠦ ᠶᠢ ᠠᠬᠢᠭᠤᠯᠵᠤ᠂ ︽ᠨᠠᠮ ᠤᠨ ᠬᠤᠷᠢᠳᠤᠭᠠᠷ ᠶᠡᠭᠡ ᠬᠤᠷᠠᠯ︾ ᠢ ᠤᠬᠠᠭᠤᠯᠤᠨ ᠲᠤᠭᠤᠰᠢᠯᠠᠭᠤᠯᠵᠤ ᠤᠭᠲᠤᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ︽ᠤᠯᠤᠰ ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠭᠤᠯᠬᠤ ᠳᠤ ᠪᠢ ᠪᠣᠢ︾ ᠭᠡᠬᠦ ᠤᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠢ ᠬᠦᠳᠦᠯᠥᠨ ᠳᠠᠭᠠᠭᠤᠯᠵᠤ ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠵᠦ᠂ ᠴᠠᠭ ᠦᠶ᠎ᠡ ᠶᠢᠨ ᠰᠢᠨ᠎ᠡ ᠬᠥᠮᠦᠨ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠲᠠᠢ ᠬᠠᠮᠲᠤᠷᠠᠨ ︽ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠵᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ ᠬᠤᠪᠢᠰᠬᠠᠯ ᠤᠨ ᠲᠠᠶᠢᠯᠪᠤᠷᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠪᠥᠭᠡᠳ 6 ᠰᠠᠷ᠎ᠠ ᠶᠢᠨ 21 ᠤ ᠡᠳᠦᠷ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠪᠠᠭ᠎ᠠ ᠰᠤᠷᠭᠠᠭᠤᠯᠢ ᠳᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃

     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦ ᠤᠯᠤᠰ ᠤᠨ ᠲᠠᠪᠤᠨ ᠰᠠᠶᠢᠲᠠᠢ ᠲᠠᠶᠢᠯᠪᠤᠷᠢᠯᠠᠭᠴᠢ ᠵᠠᠩ ᠾᠦᠢ

ᠮᠢᠨ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠬᠦᠷᠴᠦ ᠢᠷᠡᠭᠰᠡᠨ︾ ᠬᠥᠮᠦᠰ ᠤᠨ ᠰᠡᠳᠬᠢᠯ ᠢ

ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠪᠠ︔ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠳᠤᠷᠠᠰᠬᠠᠯ ᠤᠨ

ᠣᠷᠳᠣᠨ ᠤ ᠰᠢᠯᠢᠳᠡᠭ ᠲᠠᠶᠢᠯᠪᠤᠷᠢᠯᠠᠭᠴᠢ ᠭᠤᠤ ᠿᠦᠢ ᠵᠢᠤᠸᠠᠨ ᠲᠠᠯ᠎ᠠ ᠨᠤᠲᠤᠭ ᠲᠤ ᠦᠰᠦᠨ ᠪᠣᠶᠢᠵᠢᠭᠰᠠᠨ

ᠬᠤᠪᠢᠰᠬᠠᠯᠲᠤ ᠪᠠᠭᠠᠲᠤᠷ ᠳ᠋ᠦᠸᠧ ᠰᠦᠩ ᠨᠢᠶᠠᠨ ᠢ ᠶᠠᠷᠢᠪᠠ︔ ᠤᠯᠠᠭᠠᠨᠬᠦᠦ ᠶᠢᠨ ᠳᠤᠷᠠᠰᠬᠠᠯ ᠤᠨ ᠣᠷᠳᠣᠨ ᠤ

ᠰᠢᠯᠢᠳᠡᠭ ᠲᠠᠶᠢᠯᠪᠤᠷᠢᠯᠠᠭᠴᠢ ᠯᠢ ᠯᠢᠩ ᠨᠠ ︽ᠠᠷᠤᠭ ᠡᠭᠦᠷᠦᠭᠰᠡᠨ ᠭᠠᠳᠠᠭᠠᠳᠤ ᠳᠤ ᠰᠤᠷᠤᠯᠴᠠᠭᠴᠢ︾ ᠤᠯᠠᠭᠠᠨᠬᠦᠦ ᠶᠢᠨ

ᠲᠤᠬᠠᠢ ᠶᠢᠨ ᠵᠢᠯ ᠳᠠᠶᠢᠰᠤᠨ ᠲᠠᠢ ᠪᠠᠭᠠᠲᠤᠷᠯᠠᠨ ᠲᠡᠮᠡᠴᠡᠭᠰᠡᠨ ᠠᠮᠢᠳᠤᠯᠢᠭ ᠦᠯᠢᠭᠡᠷ ᠢ ᠶᠠᠷᠢᠪᠠ︔ ᠥᠪᠡᠷᠲᠡᠭᠡᠨ

ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ

ᠤᠷᠠᠯᠢᠭ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢ ᠱᠦ ᠿᠦᠩ ᠲᠡᠮᠦᠷ ᠵᠠᠮ ᠤᠨ ᠠᠵᠢᠯᠴᠢᠨ ᠪᠣᠯᠤᠨ

ᠬᠤᠪᠸᠢ ᠶᠢ ᠲᠤᠰᠠᠯᠠᠬᠤ ᠡᠮᠴᠢᠯᠡᠭᠡᠨ ᠤ ᠠᠵᠢᠯᠳᠠᠨ ᠤ ᠠᠵᠢᠯ ᠤᠨ ᠪᠠᠶᠢᠷᠢ ᠳᠤ ᠪᠠᠨ ᠦᠨᠡᠨᠴᠢ ᠰᠢᠳᠤᠷᠭᠤ᠂ ᠳᠤᠷᠠᠲᠠᠶ᠎ᠠ

ᠬᠤᠪᠢ ᠨᠡᠮᠡᠷᠢ ᠦᠵᠡᠭᠦᠯᠦᠭᠰᠡᠨ ᠦᠯᠢᠭᠡᠷ ᠢ ᠶᠠᠷᠢᠪᠠ︔ ᠪᠦᠬᠦ ᠤᠯᠤᠰ ᠤᠨ ᠰᠢᠯᠢᠳᠡᠭ ᠠᠷᠠᠳ ᠤᠨ ᠴᠠᠭᠳᠠᠭ᠎ᠠ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠲᠠᠢ

ᠲᠡᠮᠡᠴᠡᠭᠰᠡᠨ ᠲᠡᠷᠢᠭᠦᠨ ᠤ ᠬᠤᠪᠢ ᠬᠥᠮᠦᠨ︾᠂ ᠠᠷᠪᠠ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠠᠷᠪᠠᠨ

ᠰᠢᠯᠢᠳᠡᠭ ᠬᠠᠤᠯᠢ ᠪᠠᠷ ᠵᠠᠰᠠᠭᠴᠢ︾ ᠨᠠᠰᠤᠨ ᠤᠯᠤᠰ ᠤᠨ ᠡᠭᠦᠳᠡᠨ ᠳᠤ ᠬᠢᠵᠢᠭ ᠲᠠᠢ ᠲᠡᠮᠡᠴᠡᠵᠦ ᠡᠮᠦᠨ᠎ᠡ ᠹᠷᠣᠨᠲ ᠲᠤ

ᠡᠷᠡᠯᠬᠡᠭᠯᠡᠨ ᠲᠡᠮᠡᠴᠡᠵᠦ᠂ ᠵᠠᠯᠠᠭᠤ ᠨᠠᠰᠤᠨ ᠳᠤ ᠪᠠᠨ ᠦᠨᠳᠦᠰᠦᠨ ᠱᠠᠲᠤᠨ ᠳᠤ ᠦᠢᠯᠡᠴᠢᠯᠡᠬᠦ ᠳᠤ ᠭᠢᠯᠠᠯᠵᠠᠭᠤᠯᠵᠤ

ᠶᠠᠪᠤᠭᠰᠠᠨ ᠦᠯᠢᠭᠡᠷ ᠢ ᠶᠠᠷᠢᠪᠠ᠃ ᠡᠭᠦᠨ ᠠᠴᠠ ᠭᠠᠳᠠᠨ᠎ᠠ ᠪᠠᠰᠠ ᠶᠢᠨ ᠴᠢᠶᠣᠤ ᠪᠠᠭ᠎ᠠ ᠰᠤᠷᠭᠠᠭᠤᠯᠢ ᠶᠢᠨ ᠲᠠᠪᠤᠳᠤᠭᠠᠷ

ᠣᠨ ᠤ ᠶᠠᠩ ᠢᠦᠢ ᠿᠦ ᠪᠣᠯᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠶᠢᠨ ᠪᠢᠨ ᠾᠧ

ᠰᠤᠷᠭᠠᠭᠤᠯᠢ ᠶᠢᠨ ᠲᠣᠭᠤᠷᠢᠭ ᠤᠨ ᠲᠠᠪᠤᠳᠤᠭᠠᠷ ᠣᠨ ᠤ ᠵᠢᠷᠭᠤᠳᠤᠭᠠᠷ ᠠᠩᠬᠢ ᠶᠢᠨ ᠰᠦᠩ ᠵᠢᠩ ᠬᠤᠶᠠᠷ

︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠠᠴᠠ ︽ᠦᠨᠢ ᠡᠭᠦᠷᠢᠲᠡ ᠶᠢᠨ ᠶᠢᠰᠦᠨ ᠨᠠᠰᠤ︾ ᠪᠣᠯᠤᠨ

︽ᠤᠷᠤᠭᠰᠢᠯᠠᠵᠤ ᠪᠠᠶᠢᠭ᠎ᠠ ᠤᠯᠠᠭᠠᠨ ᠣᠩᠭᠤᠴᠠ︾ ᠶᠢᠨ ᠦᠯᠢᠭᠡᠷ ᠢ ᠶᠠᠷᠢᠭᠰᠠᠨ ᠪᠠᠶᠢᠨ᠎ᠠ᠃

     ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠪᠥᠬᠦ ᠣᠷᠣᠨ ᠤ ᠡᠯ᠎ᠡ ᠠᠶᠢᠮᠠᠭ ᠬᠤᠲᠠ 6 - 10 ᠰᠠᠷ᠎ᠠ

ᠪᠣᠯᠲᠠᠯ᠎ᠠ ᠬᠤᠪᠢᠰᠬᠠᠯ ᠤᠨ ᠲᠠᠶᠢᠯᠪᠤᠷᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠠᠵᠢᠯᠯᠠᠭ᠎ᠠ᠂

ᠵᠢᠱᠢᠶᠡᠯᠡᠪᠡᠯ᠂ ᠬᠤᠪᠢᠰᠬᠠᠯ ᠤᠨ ᠲᠠᠶᠢᠯᠪᠤᠷᠢᠯᠠᠭᠴᠢ ᠰᠤᠷᠭᠠᠭᠤᠯᠢ ᠶᠢᠨ ᠬᠦᠷᠢᠶᠡᠨ ᠳᠤ  ᠤᠬᠠᠭᠤᠯᠤᠨ ᠲᠠᠶᠢᠯᠪᠤᠷᠢᠯᠠᠬᠤ᠂

ᠵᠠᠯᠠᠭᠤᠴᠤᠳ ᠪᠠᠭᠠᠴᠤᠳ ᠤᠨ ᠬᠤᠪᠢᠰᠬᠠᠯᠲᠤ ᠰᠤᠳᠤᠯᠤᠨ ᠰᠤᠷᠤᠯᠴᠠᠬᠤ ᠠᠵᠢᠯᠯᠠᠭ᠎ᠠ᠂ ᠲᠡᠷᠢᠭᠦᠨ ᠤ ᠨᠡᠶᠢᠲᠡᠯᠢᠭ

ᠵᠢᠱᠢᠶ᠎ᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠶᠢ ᠦᠷᠭᠦᠯᠵᠢᠯᠡᠨ ᠥᠷᠨᠢᠭᠦᠯᠬᠦ ᠪᠣᠯᠤᠨ᠎ᠠ᠃

ᠠᠵᠢᠯᠯᠠᠭ᠎ᠠ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ

ᠲᠤᠷᠰᠢᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠥᠯᠢᠭᠡᠷ᠂ ᠬᠤᠪᠢᠰᠬᠠᠯ ᠤᠨ ᠥᠯᠢᠭᠡᠷ᠂ ᠪᠠᠭᠠᠲᠤᠷ ᠤᠨ

ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠤᠨ ᠰᠠᠨᠠᠭᠠᠨ ᠤ ᠴᠠᠳᠢᠭ ᠢ

ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ

ᠣᠷᠳᠣ ᠬᠤᠭᠤᠴᠠᠭ᠎ᠠ ᠬᠦᠴᠦᠨᠲᠡᠢ ᠪᠣᠯᠭᠠᠬᠤ ᠶᠢ ᠠᠬᠢᠭᠤᠯᠪᠠ᠃ ᠡᠭᠦᠨ ᠤ ᠬᠠᠮᠲᠤ᠂ ᠠᠵᠢᠯᠯᠠᠭ᠎ᠠ ᠨᠢ ᠡᠯ᠎ᠡ ᠭᠠᠵᠠᠷ ᠤᠨ

ᠬᠤᠪᠢᠰᠬᠠᠯ ᠤᠨ ᠬᠥᠮᠦᠵᠢᠯ ᠢᠶᠠᠷ ᠬᠥᠮᠦᠨ ᠢ ᠬᠥᠮᠦᠵᠢᠭᠦᠯᠬᠦ ᠨᠡᠶᠢᠭᠡᠮ ᠤᠨ ᠡᠬᠢ ᠪᠠᠶᠠᠯᠢᠭ ᠢ ᠨᠡᠶᠢᠳᠬᠡᠵᠦ᠂ ᠨᠡᠶᠢᠲᠡᠯᠢᠭ

ᠬᠥᠮᠦᠰ ᠤᠨ ᠳᠠᠭᠤᠷᠢᠶᠠᠯ ᠦᠵᠡᠭᠦᠯᠵᠦ ᠬᠦᠳᠦᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠶᠡᠷᠦᠩᠬᠡᠢ

ᠱᠦᠵᠢ ᠶᠢᠨ ︽ᠦᠵᠡᠯ ᠰᠠᠨᠠᠭ᠎ᠠ ᠤᠯᠤᠰ ᠲᠦᠷᠦ ᠶᠢᠨ ᠲᠣᠮᠤ ᠬᠢᠴᠢᠶᠡᠯ ᠢ ᠰᠠᠶᠢᠲᠤᠷ ᠶᠠᠷᠢᠬᠤ︾ ᠱᠠᠭᠠᠷᠳᠠᠯᠭ᠎ᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠰᠤᠷᠤᠭᠴᠢᠳ ᠢ ᠬᠥᠮᠦᠵᠢᠭᠦᠯᠵᠦ ᠬᠦᠳᠦᠯᠥᠨ

ᠵᠢᠯᠣᠭᠤᠳᠴᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ

ᠰᠡᠳᠬᠢᠯᠭᠡ ᠶᠢ ᠵᠤᠵᠠᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ

ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠡᠭᠦᠷᠢᠳᠡ ᠨᠠᠮ ᠢᠶᠠᠨ ᠲᠠᠭᠠᠬᠤ ᠢᠲᠡᠭᠡᠯ ᠪᠢᠰᠢᠷᠡᠯ ᠢᠲᠡᠭᠡᠯ ᠵᠣᠷᠢᠭ ᠢ

ᠲᠠᠰᠤᠷᠠᠯᠳᠠ ᠦᠭᠡᠢ ᠴᠢᠩᠭᠠᠳᠬᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号