| | 6 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠳᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠦᠸᠧ ᠪᠦᠦ ᠴᠢᠨ ᠢ ᠤᠷᠢᠵᠤ᠂ | ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤ ︽︿ᠵᠠᠬᠢᠳᠠᠯ ᠰᠤᠷᠪᠤᠯᠵᠢᠯᠠᠯ ᠤᠨ ᠠᠵᠢᠯ ᠤᠨ | ᠲᠦᠷᠢᠮ﹀ ᠢ ᠨᠠᠷᠢᠨ ᠬᠢᠨᠠᠮᠠᠭᠠᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ | ᠰᠤᠷᠪᠤᠯᠵᠢᠯᠠᠯ ᠤᠨ ᠠᠵᠢᠯ ᠢ ᠰᠠᠶᠢᠲᠤᠷ ᠬᠢᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠭᠦᠸᠧ ᠪᠦᠦ ᠴᠢᠨ | ᠮᠠᠨ ᠤ ᠣᠷᠣᠨ ᠤ ᠣᠳᠣᠬᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ︽ᠵᠠᠬᠢᠳᠠᠯ | ᠰᠤᠷᠪᠤᠯᠵᠢᠯᠠᠯ ᠤᠨ ᠠᠵᠢᠯ ᠤᠨ ᠲᠦᠷᠢᠮ︾ ᠤᠨ ᠭᠤᠤᠯ ᠠᠭᠤᠯᠭ᠎ᠠ ᠶᠢ ᠤᠶᠢᠯᠠᠭᠠᠨ ᠡᠵᠡᠮᠰᠢᠵᠦ᠂ ᠵᠠᠬᠢᠳᠠᠯ | ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷᠯᠢᠭ ᠬᠥᠭᠵᠢᠯᠲᠡ ᠶᠢ | ᠠᠬᠢᠭᠤᠯᠬᠤ ᠲᠤᠬᠠᠶ ᠰᠢᠰᠲ᠋ᠧᠮᠲᠡᠢ ᠲᠠᠶᠢᠯᠤᠮᠵᠢ ᠬᠢᠭᠰᠡᠨ ᠪᠥᠭᠡᠳ ᠭᠦᠨᠵᠡᠭᠡᠶ ᠲᠠᠶᠢᠯᠪᠤᠷᠢᠯᠠᠪᠠ᠃ ᠲᠠᠶᠢᠯᠤᠮᠵᠢ ᠶᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ | ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ | ᠲᠢᠩᠬᠢᠮ ᠤᠨ ᠳᠡᠳ᠋ ᠳᠠᠷᠤᠭ᠎ᠠ ᠯᠢ ᠵᠠᠨ ᠹᠧᠩ ᠡᠷᠬᠢᠯᠡᠪᠡ᠃ | | | | | | ᠣᠯᠠᠨ ᠢᠶᠠᠷ ᠢᠶᠠᠨ ᠲᠠᠶᠢᠯᠤᠮᠵᠢ ᠨᠢ ᠣᠨᠣᠯ ᠤᠨ ᠦᠨᠳᠦᠷᠴᠡ ᠲᠠᠢ ᠮᠥᠷᠲᠡᠭᠡᠨ ᠦᠢᠯᠡᠳᠦᠯᠭᠡ ᠶᠢᠨ | ᠭᠦᠨᠴᠡ ᠲᠠᠢ ᠪᠠᠶᠢᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠵᠠᠬᠢᠳᠠᠯ ᠰᠤᠷᠪᠤᠯᠵᠢᠯᠠᠯ ᠤᠨ | ᠠᠵᠢᠯ ᠤᠨ ᠲᠦᠷᠢᠮ︾ ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠰᠢᠨ᠎ᠡ ᠴᠠᠭ ᠦᠶ᠎ᠡ ᠶᠢᠨ | ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠠᠨᠳᠤᠯᠭᠠᠲᠤ | ᠴᠢᠨᠠᠷ ᠲᠠᠢ ᠭᠡᠵᠡᠭᠡᠪᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠥᠬᠦ ᠣᠷᠣᠨ ᠤ ᠰᠤᠷᠭᠠᠨ | ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ | ᠢ ᠬᠡᠬᠦᠳᠡᠭ ᠴᠡᠭᠡᠵᠢᠨ ᠳᠤ ᠪᠠᠨ ᠪᠠᠭᠲᠠᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠦᠨᠳᠦᠷᠴᠡ ᠠᠴᠠ ᠶᠡᠷᠦᠩᠬᠡᠶ ᠱᠦᠵᠢ ᠰᠢ ᠶᠢᠨ ᠫᠢᠩ ᠤᠨ | ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠰᠤᠷᠤᠯᠴᠠᠨ | ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠬᠦᠨᠳᠦ ᠶᠡᠭᠡ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ | ᠠᠵᠢᠯ ᠤᠨ ᠤᠳᠤᠷᠢᠳᠬᠤ ᠪᠠᠶᠢᠭᠤᠯᠤᠯ᠂ ᠠᠵᠢᠯ ᠤᠨ ᠲᠣᠭᠲᠠᠴᠠ ᠪᠠ ᠳᠦᠷᠢᠮ ᠤᠨ ᠳᠣᠭᠲᠠᠯᠴᠠᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠣᠭᠲᠠᠭᠤᠨ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠭᠠᠨ ᠬᠥᠮᠦᠵᠢᠯ ᠤᠨ | ᠰᠢᠰᠲ᠋ᠧᠮ ᠤᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠᠷ ᠳᠤᠰᠬᠠᠶᠢᠯᠠᠨ ᠰᠢᠪᠲᠤᠯᠬᠤ | ᠪᠠ ᠪᠡᠭᠡᠵᠢᠩ ᠳᠤ ᠬᠦᠷᠴᠦ ᠳᠡᠭᠡᠭᠰᠢ ᠰᠤᠷᠪᠤᠯᠵᠢᠯᠠᠬᠤ ᠶᠢ ᠳᠤᠰᠬᠠᠶᠢᠯᠠᠨ ᠴᠡᠭᠴᠡᠯᠡᠨ ᠵᠠᠰᠠᠬᠤ ᠶᠢ ᠭᠦᠨᠵᠡᠭᠡᠢ | ᠥᠷᠨᠢᠭᠦᠯᠵᠦ᠂ ᠭᠦᠢᠴᠡᠳᠭᠡᠬᠦ ᠶᠣᠰᠣᠲᠠᠢ ᠪᠦᠬᠦᠨ ᠢ ᠭᠦᠢᠴᠡᠳᠭᠡᠵᠦ᠂ ᠰᠢᠢᠳᠪᠦᠷᠢᠯᠡᠬᠦ ᠶᠣᠰᠣᠲᠠᠢ ᠪᠦᠬᠦᠨ ᠢ | ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠤᠷᠢᠳᠴᠢᠯᠠᠨ ᠰᠡᠷᠭᠡᠶᠢᠯᠡᠬᠦ ᠶᠢ | ᠪᠠᠷᠢᠮᠲᠠᠯᠠᠵᠤ᠂ ᠰᠤᠷᠪᠤᠯᠵᠢᠯᠠᠯ ᠬᠦᠯᠢᠶᠡᠨ ᠠᠪᠬᠤ ᠶᠢ ︽ᠳᠣᠷᠣᠭᠰᠢ ᠪᠠᠭᠤᠵᠤ ᠰᠤᠷᠪᠤᠯᠵᠢᠯᠠᠬᠤ︾ ᠪᠣᠯᠭᠠᠨ | ᠬᠤᠪᠢᠷᠠᠭᠤᠯᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠪᠠᠴᠢᠮᠳᠠᠵᠤ ᠪᠠᠶᠢᠭ᠎ᠠ᠂ ᠵᠣᠪᠠᠨᠢᠵᠤ ᠪᠠᠶᠢᠭ᠎ᠠ | ᠶᠠᠪᠤᠳᠠᠯ ᠢ ᠳᠠᠷᠤᠢ ᠳᠤ ᠨᠢ ᠢᠯᠡᠷᠡᠭᠦᠯᠦᠨ ᠰᠠᠶᠢᠲᠤᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ | ᠠᠰᠠᠭᠤᠳᠠᠯ ᠤᠨ ᠪᠤᠢ ᠪᠣᠯᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠪᠣᠳᠠᠲᠤ ᠠᠵᠢᠯᠯᠠᠭ᠎ᠠ ᠪᠠᠷ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ | ᠱᠠᠭᠠᠷᠳᠠᠪᠠ᠃ | ᠲᠠᠶᠢᠯᠤᠮᠵᠢ ᠶᠢ ᠸᠢᠳᠢᠣ᠋ ᠬᠡᠯᠪᠡᠷᠢ ᠪᠠᠷ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ | ᠬᠡᠰᠢᠭᠦᠨ᠂ ᠪᠠᠶᠢᠭᠤᠯᠭ᠎ᠠ ᠶᠢᠨ ᠪᠥᠬᠦ ᠺᠠᠳ᠋ᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ | ᠪᠠᠭ ᠤᠨ ᠬᠡᠰᠢᠭᠦᠨ ᠭᠤᠤᠯ ᠬᠤᠷᠠᠯ ᠤᠨ ᠲᠠᠯᠠᠪᠠᠶ ᠳᠤ ᠲᠠᠶᠢᠯᠤᠮᠵᠢ ᠶᠢ ᠰᠣᠨᠣᠰᠪᠠ᠃ ᠡᠯ᠎ᠡ ᠠᠶᠢᠮᠠᠭ ᠬᠤᠲᠠ ᠶᠢᠨ | ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠶᠢᠨ | ᠤᠳᠤᠷᠢᠳᠬᠤ ᠪᠠᠭ ᠤᠨ ᠬᠡᠰᠢᠭᠦᠨ ᠪᠣᠯᠤᠨ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠪᠢᠶᠠᠷᠢ ᠬᠤᠷᠠᠯ ᠤᠨ ᠲᠠᠯᠠᠪᠠᠶ ᠳᠤ ᠲᠠᠶᠢᠯᠤᠮᠵᠢ ᠶᠢ ᠰᠣᠨᠣᠰᠪᠠ᠃ | | |