ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠶᠠᠷᠢᠯᠴᠠᠭ᠎ᠠ ᠰᠣᠯᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/27
     6 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠯᠦᠭᠡ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠬᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠠᠵᠢᠯ ᠲᠥᠷᠥᠯ ᠤᠨ ᠨᠡᠶᠢᠭᠡᠮᠯᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠥᠪᠡᠷ ᠢ ᠪᠠᠨ ᠱᠠᠭᠠᠷᠳᠠᠬᠤ ᠶᠢ ᠵᠢᠷᠤᠮᠵᠢᠭᠤᠯᠵᠤ᠂ ᠡᠷᠡᠭᠦᠯ ᠢᠶᠠᠷ ᠬᠥᠭᠵᠢᠭᠦᠯᠬᠦ ᠦᠢᠯᠡᠳᠦᠯ ᠢ ᠪᠠᠳᠠᠷᠠᠭᠤᠯᠬᠤ ᠲᠤᠬᠠᠶ ᠶᠠᠷᠢᠯᠴᠠᠨ ᠰᠣᠯᠢᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠪᠥᠬᠦ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠵᠤ ᠣᠯᠤᠭᠰᠠᠨ ᠦᠷ᠎ᠡ ᠪᠦᠲᠦᠮᠵᠢ ᠶᠢ ᠵᠠᠷᠯᠠᠨ ᠮᠡᠳᠡᠭᠳᠡᠵᠦ᠂ ᠬᠡᠯᠪᠡᠷᠢ ᠪᠠᠨ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠦᠭᠰᠡᠨ ᠵᠡᠷᠭᠡ ᠲᠣᠪᠤᠶᠢᠮ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠳᠠᠷᠠᠭ᠎ᠠ ᠠᠯᠬᠤᠮ ᠤᠨ ᠭᠤᠣᠯᠳᠠᠯᠭᠠᠲᠠᠢ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ︔ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠦᠷᠢᠮᠵᠢᠭᠦᠯᠦᠨ ᠬᠥᠭᠵᠢᠭᠦᠯᠬᠦ ᠶᠢ ᠬᠥᠲᠥᠯᠥᠨ ᠵᠢᠯᠣᠭᠤᠳᠬᠤ ᠲᠠᠯ᠎ᠠ ᠪᠠᠷ ᠭᠠᠷᠭᠠᠭᠰᠠᠨ ᠢᠳᠡᠪᠬᠢᠲᠡᠶ ᠦᠢᠯᠡᠳᠦᠯ ᠢ ᠨᠤᠲᠠᠯᠠᠵᠤ᠂ ᠬᠤᠷᠠᠯ ᠳᠤ ᠣᠷᠣᠯᠴᠠᠭᠰᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠰᠠᠨᠠᠭᠠᠴᠢᠯᠠᠭ᠎ᠠ ᠠᠴᠠ ᠪᠠᠨ ︽ᠬᠤᠶᠠᠷ ᠢ ᠬᠥᠩᠭᠡᠷᠡᠭᠦᠯᠬᠦ︾ ᠲᠥᠷᠥ  ᠶᠢᠨ ᠪᠣᠳᠣᠯᠭ᠎ᠠ ᠶᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠠᠩᠬᠠᠷᠴᠤ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠬᠡᠦᠬᠡᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠲᠠᠶ ᠠᠵᠢᠯ ᠢ ᠢᠯᠡᠭᠦᠬᠡᠨ ᠬᠢᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠠᠰᠢᠭᠲᠠᠶ ᠨᠥᠬᠦᠪᠦᠷᠢ ᠪᠣᠯᠭᠠᠬᠤ ᠶᠢ ᠬᠦᠰᠡᠪᠡ᠃      ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠨᠡᠶᠢᠭᠡᠮᠯᠢᠭ ᠠᠴᠠ ᠲᠠᠨᠢᠯᠴᠠᠭᠤᠯᠤᠭᠰᠠᠨ᠂ ᠬᠠᠤᠯᠢ ᠴᠠᠭᠠᠵᠠ ᠶᠢᠨ  ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠠᠤᠯᠢᠴᠢ ᠵᠠᠩ ᡁᠢ ᠭᠠᠩ ᠢ ᠤᠷᠢᠵᠤ᠂ ᠰᠠᠭᠤᠳᠠᠯ ᠤᠨ ᠬᠤᠷᠠᠯ ᠳᠤ ᠣᠷᠣᠯᠴᠠᠭᠰᠠᠳ ᠲᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠣᠭᠲᠠᠭᠠᠯ ᠳᠤ ᠨᠡᠶᠢᠴᠡᠭᠦᠯᠦᠨ ᠰᠤᠷᠭᠠᠭᠤᠯᠢ ᠡᠷᠬᠢᠯᠡᠵᠦ ᠬᠠᠤᠯᠢ ᠶᠢ ᠲᠦᠭᠡᠮᠡᠯᠵᠢᠭᠦᠯᠬᠦ ᠲᠠᠶᠢᠯᠤᠮᠵᠢ ᠬᠢᠯᠭᠡᠵᠦ᠂ ᠬᠤᠯᠪᠤᠭᠳᠠᠬᠤ ᠲᠣᠭᠲᠠᠭᠠᠯ ᠳᠤ ᠨᠡᠶᠢᠴᠡᠭᠰᠡᠨ ᠬᠡᠯᠪᠡᠷᠢ ᠪᠠ ᠲᠣᠭᠲᠠᠭᠠᠯ ᠠᠴᠠ ᠵᠥᠷᠢᠴᠡᠭᠰᠡᠨ ᠪᠠᠶᠢᠳᠠᠯ᠂ ᠡᠭᠦᠷᠭᠡᠯᠡᠬᠦ ᠴᠢᠬᠤᠯᠠᠲᠠᠶ ᠬᠠᠤᠯᠢ ᠴᠠᠭᠠᠵᠠ ᠶᠢᠨ ᠦᠷ᠎ᠡ ᠳ᠋ᠦᠩ ᠵᠡᠷᠭᠡ ᠶᠢ ᠲᠠᠨᠢᠯᠴᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠭᠲᠠᠭᠠᠯ ᠳᠤ ᠨᠡᠶᠢᠴᠡᠭᠦᠯᠦᠨ ᠰᠤᠷᠭᠠᠭᠤᠯᠢ ᠡᠷᠭᠢᠯᠡᠵᠦ᠂ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠬᠢᠬᠦ ᠶᠢ ᠬᠥᠲᠦᠯᠦᠨ ᠵᠢᠯᠣᠭᠤᠳᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠪ ᠤᠨ ︽ᠬᠤᠶᠠᠷ ᠢ ᠬᠥᠩᠭᠡᠷᠡᠭᠦᠯᠬᠦ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠲᠣᠭᠲᠠᠭᠠᠯ ᠶᠣᠰᠤ ᠪᠠᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ ᠭᠡᠪᠡ︔ ᠰᠠᠭᠤᠳᠠᠯ ᠤᠨ ᠬᠤᠷᠠᠯ ᠳᠤ ᠣᠷᠣᠯᠴᠠᠭᠰᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠪᠠᠶᠢᠭᠤᠯᠤᠮᠵᠢ ᠶᠢᠨ ᠬᠡᠯᠪᠡᠷᠢ ᠶᠢ ᠬᠤᠪᠢᠷᠠᠭᠤᠯᠬᠤ᠂ ᠲᠥᠷᠥᠯ ᠬᠤᠪᠢᠶᠠᠨ ᠬᠠᠮᠢᠶᠠᠷᠬᠤ᠂ ᠪᠠᠯᠠ ᠮᠥᠩᠭᠦ ᠶᠢ ᠬᠢᠨᠠᠨ ᠬᠠᠮᠢᠶᠠᠷᠬᠤ ᠪᠠ ᠪᠠᠭᠰᠢ ᠶᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠡᠷᠭᠡ ᠲᠠᠯ᠎ᠠ ᠪᠠᠷ ᠠᠩᠬᠠᠷᠴᠤ ᠪᠠᠶᠢᠭ᠎ᠠ ᠠᠰᠠᠭᠤᠳᠠᠯ  ᠢ ᠳᠤᠷᠠᠳᠴᠤ᠂ ᠰᠤᠷᠭᠠᠨ ᠬᠥᠮᠦᠵᠢᠯ ᠤᠨ ᠲᠢᠩᠬᠢᠮ ᠤᠨ  ᠬᠤᠯᠪᠤᠭᠳᠠᠬᠤ ᠭᠠᠵᠠᠷ ᠳᠠᠰᠤᠭ ᠤᠨ ᠬᠠᠷᠢᠭᠤᠴᠠᠯᠭᠠᠲᠠᠨ ᠠᠴᠠ ᠲᠣᠰ ᠲᠣᠰ ᠬᠠᠷᠢᠭᠤᠯᠪᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠤᠭᠳᠠᠬᠤ ᠭᠠᠵᠠᠷ ᠳᠠᠰᠤᠭ᠂ ᠬᠥᠬᠡᠬᠤᠲᠠ ᠵᠢᠴᠢ ᠬᠤᠲᠠ ᠶᠢᠨ ᠳᠥᠷᠪᠡᠨ ᠲᠣᠭᠤᠷᠢᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠬᠤᠯᠪᠤᠭᠳᠠᠬᠤ ᠬᠠᠷᠢᠭᠤᠴᠠᠯᠭᠠᠲᠠᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠬᠡᠰᠡᠭ ᠪᠦᠷᠢᠯᠳᠦᠭᠦᠨ ᠨᠢᠭᠡᠴᠢ᠂ ᠬᠡᠰᠡᠭ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠣᠯᠤᠭᠠᠶᠢᠯᠠᠭᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号