ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠣᠷᠤᠪᠠᠯᠭᠠᠰᠤ ᠪᠠᠯᠭᠠᠰᠤᠨ ᠤ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠨᠠᠮ ᠤᠨ ᠠᠵᠢᠯ ᠤᠨ ᠺᠠᠳ᠋ᠷ ᠵᠢᠴᠢ ᠨᠠᠮ ᠤᠨ ᠭᠡᠰᠢᠭᠦᠨ ᠤ ᠭᠤᠣᠯᠯᠠᠭᠴᠢ ᠬᠦᠴᠦᠨ ᠤ ᠪᠣᠯᠪᠠᠰᠤᠷᠠᠭᠤᠯᠤᠯ ᠢ ᠡᠷᠬᠢᠯᠡᠪᠡ
ᠨᠡᠶᠢᠲᠡᠯᠡᠭᠰᠡᠨ ᠴᠠᠭ᠄
2022/6/27
     6 ᠰᠠᠷ᠎ᠠ ᠶᠢᠨ 22 - 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠷᠤᠪᠠᠯᠭᠠᠰᠤ ᠪᠠᠯᠭᠠᠰᠤᠨ ᠤ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠨᠠᠮ ᠤᠨ ᠠᠵᠢᠯ ᠤᠨ ᠺᠠᠳ᠋ᠷ ᠵᠢᠴᠢ ᠨᠠᠮ ᠤᠨ ᠭᠡᠰᠢᠭᠦᠨ ᠤ ᠭᠤᠤᠯᠯᠠᠭᠴᠢ ᠬᠦᠴᠦᠨ ᠤ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠨᠠᠮ ᠤᠨ ᠠᠵᠢᠯ ᠤᠨ ᠣᠨᠣᠯ ᠤᠨ ᠮᠡᠳᠡᠯᠭᠡ ᠶᠢᠨ ᠲᠦᠪᠰᠢᠨ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠪᠠ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠲᠥᠯᠥᠪᠵᠢᠭᠦᠯᠪᠡ᠃ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠠᠴᠠ ᠢᠷᠡᠭᠰᠡᠨ ᠨᠠᠮ ᠤᠨ ᠠᠵᠢᠯ ᠤᠨ ᠺᠠᠳ᠋ᠷ ᠵᠢᠴᠢ ᠨᠠᠮ ᠤᠨ ᠭᠡᠰᠢᠭᠦᠨ ᠤ ᠭᠤᠤᠯᠯᠠᠭᠴᠢ ᠬᠦᠴᠦᠨ 4 ᠡᠳᠦᠷ ᠤᠨ ᠪᠣᠯᠪᠠᠰᠤᠷᠠᠭᠤᠯᠤᠯ ᠳᠤ ᠣᠷᠣᠯᠴᠠᠪᠠ᠃

     ᠡᠨᠡ ᠤᠳᠠᠭᠠᠨ ᠤ ᠪᠣᠯᠪᠠᠰᠤᠷᠠᠭᠤᠯᠤᠯ ᠳᠤ ︽ᠣᠨᠣᠯ + ᠠᠬᠤᠢ ᠲᠠᠯᠠᠪᠠᠶ︾᠂ ︽ᠲᠡᠦᠬᠡ + ᠪᠣᠳᠠᠲᠤ

ᠠᠬᠤᠶ︾᠂ ︽ᠵᠢᠭᠠᠬᠤ + ᠪᠡᠶᠡᠴᠢᠯᠡᠨ ᠣᠶᠢᠯᠠᠭᠠᠬᠤ︾ ᠭᠡᠬᠦ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠵᠦ᠂

︽ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠰᠢᠨ᠎ᠡ ᠴᠠᠭ ᠦᠶ᠎ᠡ ᠶᠢᠨ

ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠤᠰᠢᠭᠤᠴᠢ ᠪᠣᠯᠤᠶ᠎ᠠ︾᠂ ︽ᠳᠤᠮᠳᠠᠳᠤ ᠤᠯᠤᠰ ᠤᠨ ᠡᠪ ᠬᠠᠮᠲᠤ

ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠭᠤᠤ ᠶᠡᠭᠡ ᠦᠢᠯᠡᠳᠦᠯᠭᠡ︾᠂ ︽ᠨᠠᠮ ᠤᠨ ᠡᠭᠦᠷ ᠤᠨ

ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ  ᠪᠠᠬᠢᠵᠢᠭᠦᠯᠦᠶ᠎ᠡ — ᠰᠢᠨ᠎ᠡ ᠴᠠᠭ

ᠦᠶ᠎ᠡ ᠶᠢᠨ ᠨᠠᠮ ᠤᠨ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠰᠦᠭᠡᠢ︾ ᠵᠡᠷᠭᠡ ᠲᠤᠰᠬᠠᠢ ᠰᠡᠳᠦᠪᠲᠦ

ᠤᠨᠤᠯ ᠤᠨ ᠲᠠᠶᠢᠯᠤᠮᠵᠢ ᠶᠢ ᠲᠣᠬᠢᠷᠠᠭᠤᠯᠵᠤ᠂ ᠪᠠᠰᠠ ᠬᠤᠪᠢᠰᠬᠠᠯᠲᠤ ᠰᠤᠷᠭᠠᠨ ᠬᠥᠮᠦᠵᠢᠯ ᠤᠨ ᠰᠠᠭᠤᠷᠢᠨ

ᠭᠠᠵᠠᠷ ᠢᠶᠠᠷ ᠳᠠᠮᠵᠢᠭᠤᠯᠤᠨ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ ᠲᠣᠩᠭᠤᠷᠠᠭᠤ ᠬᠢᠴᠢᠶᠡᠯᠯᠡᠭᠡ᠂ ᠠᠬᠤᠶ

ᠪᠠᠶᠢᠳᠠᠯ ᠤᠨ ᠵᠢᠭᠠᠨ ᠰᠤᠷᠭᠠᠯᠲᠠ᠂ ᠣᠷᠴᠢᠨ ᠠᠬᠤᠢ ᠳᠤ ᠰᠤᠭᠲᠤᠭᠤᠷᠠᠮ᠎ᠠ ᠮᠠᠶ᠋ᠢᠭᠲᠤ ᠵᠢᠭᠠᠨ ᠰᠤᠷᠭᠠᠯᠲᠠ ᠵᠡᠷᠭᠡ

ᠣᠯᠠᠨ ᠵᠦᠢᠯ ᠠᠭᠤᠰᠤᠯᠴᠠᠭᠰᠠᠨ ᠰᠢᠨ᠎ᠡ ᠶᠢ ᠡᠭᠦᠳᠬᠦ ᠵᠢᠭᠠᠨ ᠰᠤᠷᠭᠠᠯᠲᠠ ᠶᠢᠨ ᠬᠡᠯᠪᠡᠷᠢ ᠨᠢ ᠪᠥᠬᠦ ᠰᠤᠷᠤᠭᠴᠢ ᠳᠤ

ᠸᠠᠩ ᠵᠧᠨ᠂ ᠶᠠᠩ ᠪᠦᠦ ᠱᠠᠨ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ

ᠡᠷᠬᠢᠮ ᠳᠡᠭᠡᠳᠦ ᠬᠡᠪ ᠨᠠᠮᠪᠠ ᠪᠠ ᠣᠯᠠᠨ ᠤᠯᠤᠰ ᠤᠨ ᠨᠥᠬᠦᠷᠰᠡᠭ ᠬᠥᠮᠦᠰ ᠡᠷᠢᠢᠨ ᠢᠩᠭᠧᠰᠲ· ᠵᠣᠨ

ᠾᠢᠨᠲ᠋ᠣᠨ ᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠪᠡᠶᠡᠴᠢᠯᠡᠨ ᠣᠶᠢᠯᠠᠭᠠᠭᠤᠯᠵᠤ᠂ ᠨᠠᠮ ᠤᠨ ᠵᠠᠭᠤᠨ

ᠵᠢᠯ ᠤᠨ ᠭᠡᠷᠡᠯ ᠰᠠᠴᠤᠷᠠᠩᠭᠤᠶ ᠲᠡᠮᠡᠴᠡᠯ ᠤᠨ ᠥᠩᠭᠡᠷᠡᠯᠲᠡ ᠠᠴᠠ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ

ᠬᠠᠷᠢᠭᠤᠴᠠᠯᠭ᠎ᠠ ᠶᠢ ᠣᠶᠢᠯᠠᠭᠠᠵᠤ᠂ ᠡᠭᠦᠨ ᠠᠴᠠ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠬᠠᠶᠢᠯᠠᠭᠰᠠᠨ

ᠠᠵᠢᠯ ᠤᠨ ᠮᠡᠳᠡᠯᠭᠡ ᠶᠢ ᠰᠤᠷᠤᠯᠴᠠᠨ ᠡᠵᠡᠮᠰᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶᠢᠯᠠᠭᠰᠠᠨ

ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠰᠢᠨ᠎ᠡ ᠴᠠᠭ ᠣᠶᠢᠶ᠎ᠠ ᠳᠤ ᠭᠠᠪᠢᠶ᠎ᠠ ᠪᠠᠶᠢᠭᠤᠯᠬᠤ ᠲᠡᠦᠬᠡᠨ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠪᠠ᠃

         ᠪᠡᠶᠡᠴᠢᠯᠡᠨ ᠣᠶᠢᠯᠠᠭᠠᠬᠤ ᠠᠬᠤᠢ ᠪᠠᠶᠢᠳᠠᠯ ᠳᠠᠬᠢ ᠰᠣᠭᠲᠤᠭᠤᠷᠠᠮ᠎ᠠ ᠮᠠᠶ᠋ᠢᠭᠲᠤ ᠵᠢᠭᠠᠨ ᠰᠤᠷᠭᠠᠯᠲᠠ

         ᠸᠠᠩ ᠵᠧᠨ ᠤ ᠬᠤᠳᠳᠤᠭ ᠤᠨ ᠳᠤᠷᠠᠰᠬᠠᠯ ᠤᠨ ᠬᠦᠷᠢᠶᠡᠯᠡᠩ ᠤᠨ ᠵᠢᠭᠠᠨ ᠰᠤᠷᠭᠠᠯᠲᠠ ᠶᠢᠨ ᠠᠬᠤᠶ

         ᠲᠠᠯᠠᠪᠠᠢ ᠳᠤ

         ᠡᠷᠢᠢᠨ ᠢᠩᠭᠧᠰᠲ· ᠵᠣᠨ ᠾᠢᠨᠲ᠋ᠣᠨ ᠤ ᠭᠤᠷᠪᠠᠨ ᠬᠢᠵᠠᠭᠠᠷ ᠤᠨ ᠮᠠᠯᠵᠢᠯ ᠤᠨ ᠲᠠᠯᠠᠪᠠᠢ

         ᠶᠢᠨ ᠦᠵᠡᠭᠦᠯᠭᠡ ᠶᠢᠨ ᠣᠷᠳᠣᠨ ᠤ ᠵᠢᠭᠠᠨ ᠰᠤᠷᠭᠠᠯᠲᠠ ᠶᠢᠨ ᠠᠬᠤᠶ ᠲᠠᠯᠠᠪᠠᠢ ᠳᠤ

     ᠰᠤᠷᠤᠯᠭᠠᠲᠠᠳ ᠠᠴᠠ ᠪᠣᠯᠪᠠᠰᠤᠷᠠᠭᠤᠯᠤᠯ ᠤᠨ ᠬᠢᠴᠢᠶᠡᠯ ᠪᠠᠶᠠᠯᠢᠭ᠂ ᠣᠯᠤᠯᠲᠠ ᠶᠡᠭᠡ ᠭᠡᠵᠡᠭᠡᠪᠡ᠃

ᠰᠤᠷᠤᠯᠭᠠᠲᠠᠨ ᠤ ᠲᠥᠯᠥᠭᠡᠯᠡᠭᠴᠢ ᠯᠢ ᠵᠢᠶᠧ ᠠᠴᠠ ᠤᠯᠠᠨ ᠤᠯᠤᠰ ᠤᠨ ᠨᠥᠬᠦᠷᠰᠡᠭ ᠬᠥᠮᠦᠨ ᠡᠷᠢᠢᠨ ᠢᠩᠭᠧᠰᠲ·

ᠵᠣᠨ ᠾᠢᠨᠲ᠋ᠣᠨ ᠤ ᠢᠲᠡᠭᠡᠯ ᠪᠢᠰᠢᠷᠡᠯ ᠢᠶᠠᠨ ᠳᠤᠮᠳᠠᠳᠤ ᠤᠯᠤᠰ ᠲᠤ ᠦᠨᠳᠦᠰᠦᠯᠡᠭᠦᠯᠵᠦ᠂ ᠨᠢᠭᠡ ᠨᠠᠰᠤ ᠪᠠᠨ

ᠵᠣᠷᠢᠭᠤᠯᠤᠭᠰᠠᠨ ᠪᠠ ᠬᠤᠪᠢᠰᠬᠠᠯᠲᠤ ᠤᠯᠠᠨ ᠤᠯᠤᠰ ᠤᠨ ᠵᠠᠮ ᠬᠠᠷᠢᠯᠴᠠᠭᠠᠨ ᠤ ᠠᠵᠢᠯᠳᠠᠨ ᠶᠠᠩ ᠪᠦᠦ ᠱᠠᠨ

ᠨᠥᠬᠦᠷ ᠤᠨ ᠡᠷᠡᠰ ᠬᠠᠲᠠᠭᠤ ᠲᠡᠰᠪᠦᠷᠢ ᠬᠠᠲᠠᠭᠤᠵᠢᠯᠲᠠᠢ᠂ ᠦᠨᠡᠨᠴᠢ ᠰᠢᠳᠤᠷᠭᠤ ᠡᠭᠦᠷᠭᠡᠯᠡᠯ ᠲᠠᠢ ᠰᠡᠳᠬᠢᠯ

ᠬᠥᠳᠡᠯᠭᠡᠮ᠎ᠡ ᠦᠢᠯᠡ ᠠᠵᠢᠯᠯᠠᠭ᠎ᠠ ᠶᠢ ᠰᠤᠷᠤᠯᠴᠠᠬᠤ ᠪᠠᠷ ᠲᠠᠮᠵᠢᠨ᠂ ᠡᠪ ᠬᠠᠮᠲᠤ ᠨᠠᠮ ᠤᠨ ᠭᠡᠰᠢᠭᠦᠨ ᠤ ᠢᠲᠡᠭᠡᠯ

ᠪᠢᠰᠢᠷᠡᠯ ᠢ ᠠᠷᠠᠳ ᠲᠦᠮᠡᠨ ᠲᠠᠢ ᠤᠶᠠᠯᠳᠤᠭᠤᠯᠪᠠᠯ ᠵᠣᠬᠢᠨ᠎ᠠ ᠭᠡᠳᠡᠭ ᠢ ᠤᠢᠢᠯᠠᠭᠠᠭᠰᠠᠠ ᠪᠥᠭᠡᠳ ᠠᠵᠢᠯ ᠤᠨ

ᠦᠢᠯᠡᠳᠦᠯᠭᠡ ᠪᠣᠯᠤᠨ ᠡᠳᠦᠷ ᠲᠤᠳᠤᠮ ᠤᠨ ᠠᠵᠢᠯᠯᠠᠭ᠎ᠠ ᠳᠤᠮᠳᠠ ᠪᠠᠨ ᠢᠯᠡᠷᠡᠭᠦᠯᠦᠭᠰᠡᠨ ᠪᠠᠶᠢᠨ᠎ᠠ ᠭᠡᠪᠡ᠃

ᠰᠤᠷᠤᠯᠭᠠᠲᠠᠨ ᠤ ᠲᠥᠯᠥᠭᠡᠯᠡᠭᠴᠢ ᠨᠢᠤ ᠭᠠᠩ ᠠᠴᠠ ᠡᠨᠡ ᠤᠳᠠᠭᠠᠨ ᠤ ᠰᠤᠷᠤᠯᠴᠠᠯᠭ᠎ᠠ ᠪᠠᠷ ᠳᠠᠮᠵᠢᠨ ᠤᠨᠤᠯ ᠤᠨ

ᠲᠠᠯ᠎ᠠ ᠪᠠᠷ ᠰᠢᠨ᠎ᠡ ᠣᠯᠤᠯᠲᠠ᠂ ᠰᠡᠳᠬᠢᠴᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ᠂ ᠠᠷᠭ᠎ᠠ ᠶᠢᠨ ᠲᠠᠯ᠎ᠠ ᠪᠠᠷ ᠰᠢᠨ᠎ᠡ

ᠪᠣᠳᠣᠯᠬᠢᠯᠠᠯ ᠲᠠᠢ ᠪᠣᠯᠵᠠᠢ᠃ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠬᠤᠶᠢᠰᠢᠳᠠ ᠨᠠᠮ ᠤᠨ

ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠬᠠᠨ ᠬᠥᠭᠵᠢᠭᠦᠯᠬᠦ ᠰᠢᠨ᠎ᠡ ᠠᠷᠭ᠎ᠠ ᠵᠠᠮ ᠢ ᠭᠦᠨᠵᠡᠭᠡᠶ

ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠰᠡᠳᠬᠢᠵᠦ᠂ ᠲᠤᠬᠠᠶᠢᠯᠠᠭᠰᠠᠨ ᠠᠵᠢᠯ ᠤᠨ ᠰᠦᠭ ᠢ

ᠱᠤᠭᠤᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ

ᠭᠡᠪᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号