| | 6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ︽ᠡᠩ ᠤᠨ ᠳᠡᠭᠡᠳᠦ | ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ ᠵᠢᠩᠬᠢᠨᠢ ᠪᠠᠷ | ᠨᠡᠶᠢᠲᠡᠯᠡᠪᠡ᠂ ᠮᠠᠨ ᠤ ᠣᠷᠣᠨ ᠪᠥᠬᠦ ᠤᠯᠤᠰ ᠤᠨ ᠲᠠᠪᠤᠳᠤᠭᠠᠷ ᠪᠦᠯᠦᠭ ᠤᠨ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠡᠬᠢᠯᠡᠭᠦᠯᠦᠭᠰᠡᠨ ᠨᠠᠢᠮᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ 2022 ᠣᠨ ᠤ ᠨᠠᠮᠤᠷ ᠤᠨ | ᠤᠯᠠᠷᠢᠯ ᠳᠤ ᠰᠤᠷᠭᠠᠭᠤᠯᠢ ᠳᠤ ᠣᠷᠣᠬᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ | ᠰᠤᠷᠤᠭᠴᠢᠳ ᠠᠴᠠ ᠡᠬᠢᠯᠡᠭᠦᠯᠦᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | | | | | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠤᠭᠳᠠᠬᠤ | ᠬᠠᠷᠢᠭᠤᠴᠠᠯᠭᠠᠲᠠᠨ ᠠᠴᠠ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠭᠤᠤᠯᠳᠠᠭᠤ ᠳᠥᠷᠪᠡᠨ ᠲᠠᠯ᠎ᠠ ᠶᠢᠨ ᠠᠭᠤᠯᠭ᠎ᠠ ᠶᠢ | ᠪᠠᠭᠲᠠᠭᠠᠨ᠎ᠠ᠄ ᠨᠢᠭᠡ ᠳᠤ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ︔ ᠬᠤᠶᠠᠷ ᠲᠤ᠂ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠲᠦᠷᠢᠮ ᠢ | ᠳᠦᠷᠢᠮᠵᠢᠭᠦᠯᠦᠨ᠎ᠡ︔ ᠭᠤᠷᠪᠠ ᠳᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠰᠢᠯᠭᠠᠯᠲᠠ ᠪᠠᠷ ᠰᠤᠷᠤᠭᠴᠢ ᠡᠯᠰᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ | ᠳᠥᠷᠪᠡ ᠳᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠨ ᠰᠢᠯᠭᠠᠵᠤ | ᠰᠣᠷᠣᠭᠴᠢ ᠡᠯᠰᠡᠬᠦ ᠥᠭᠡᠷᠡᠴᠢᠯᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠲᠥᠷᠥᠯ ᠬᠤᠪᠢᠶᠠᠨ | ᠰᠢᠯᠭᠠᠬᠤ᠂ ᠶᠡᠷᠦᠩᠬᠡᠶᠢᠯᠡᠨ ᠦᠨᠡᠯᠡᠬᠦ᠂ ᠣᠯᠠᠨ ᠡᠰᠢᠵᠢᠬᠦᠯᠦᠨ ᠡᠯᠰᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠣᠷᠣᠭᠴᠢ ᠡᠯᠰᠡᠬᠦ ᠲᠦᠷᠢᠮ ᠢ ᠦᠨᠳᠦᠰᠦᠨ ᠳᠤ ᠪᠠᠨ ᠪᠦᠷᠢᠯᠳᠦᠭᠦᠯᠵᠦ᠂ ᠡᠷᠬᠡ ᠲᠡᠭᠰᠢ᠂ ᠰᠢᠨᠵᠢᠯᠡᠬᠦ | ᠤᠬᠠᠭᠠᠨᠴᠢ ᠪᠠᠷ ᠴᠢᠳᠠᠪᠤᠷᠢᠲᠠᠨ ᠢ ᠰᠣᠩᠭᠤᠬᠤ᠂ ᠬᠢᠨᠠᠯᠲᠠ ᠲᠠᠯᠪᠢᠬᠤ ᠪᠠᠷ ᠬᠦᠴᠦᠲᠡᠶ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ ᠠᠬᠢᠭᠤᠯᠤᠨ᠎ᠠ᠃ | ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠯᠭᠠᠯᠲᠠ ᠪᠠᠷ ᠰᠤᠷᠤᠭᠴᠢ ᠡᠯᠰᠡᠬᠦ ᠳᠤ ᠡᠩ ᠤᠨ | ᠳᠡᠭᠡᠳᠦ ᠰᠤᠷᠭᠠᠭᠤᠯᠢ ᠨᠢᠭᠡᠳᠦᠯᠲᠡᠶ ᠰᠢᠯᠭᠠᠯᠲᠠ ᠪᠠᠷ ᠰᠤᠷᠤᠭᠴᠢ ᠡᠯᠰᠡᠬᠦ ︵ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︶ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠲᠥᠷᠥᠯ ᠬᠤᠪᠢᠶᠠᠨ ᠰᠤᠷᠤᠭᠴᠢ ᠡᠯᠰᠡᠬᠦ ᠶᠢ ᠪᠠᠭᠲᠠᠭᠠᠨ᠎ᠠ᠃ ᠮᠠᠨ ᠤ ᠣᠷᠣᠨ ︽ᠰᠢᠨ᠎ᠡ | ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢ | ᠬᠡᠷᠡᠭᠵᠢᠭᠦᠯᠦᠭᠰᠡᠨ ᠤ ᠳᠠᠷᠠᠭ᠎ᠠ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠢ ᠳᠠᠭᠢᠵᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠭᠡᠵᠦ ᠬᠤᠪᠢᠶᠠᠬᠤ ᠥᠬᠡᠶ᠂ ᠬᠠᠷᠢᠨ ︽3 + 1 + 2︾ ᠤᠨ ᠵᠠᠭᠪᠤᠷ ᠢ ᠬᠡᠷᠡᠭᠵᠢᠭᠦᠯᠦᠨ᠎ᠡ᠃ | ᠲᠤᠰ ᠵᠠᠭᠪᠤᠷ ᠨᠢ ᠣᠲᠣ ᠶᠢᠨ ᠬᠡᠷᠡᠭᠵᠢᠭᠦᠯᠵᠦ ᠪᠠᠶᠢᠭ᠎ᠠ ︽ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ︾ ᠪᠠᠷ ᠦᠨᠳᠦᠰᠦᠯᠡᠯ | ᠪᠣᠯᠭᠠᠭᠰᠠᠨ ᠳᠡᠭᠡᠳᠦ ᠰᠤᠷᠭᠠᠭᠤᠯᠢ ᠳᠤ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠲᠠᠢ ᠠᠳᠠᠯᠢ ᠥᠬᠡᠶ ᠪᠠᠶᠢᠵᠤ᠂ | ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠣᠷᠣᠨ ︽ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠬᠢᠷᠢ ᠪᠦᠲᠦᠮᠵᠢ ᠪᠠᠷ ᠦᠨᠳᠦᠰᠦᠯᠡᠯ ᠪᠣᠯᠭᠠᠵᠤ᠂ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠪᠠᠷ ᠯᠠᠪᠯᠠᠯᠲᠠ ᠪᠣᠯᠭᠠᠬᠤ︾᠂ ᠲᠤᠬᠠᠶᠢᠯᠠᠪᠠᠯ ︽ᠬᠤᠶᠠᠷ ᠦᠨᠳᠦᠰᠦᠯᠡᠯ᠂ ᠨᠢᠭᠡ ᠯᠠᠪᠯᠠᠯᠲᠠ︾ ᠪᠠᠷ | ᠦᠨᠳᠦᠰᠦᠯᠡᠯ ᠪᠣᠯᠭᠠᠭᠰᠠᠨ ᠳᠡᠭᠡᠳᠦ ᠰᠤᠷᠭᠠᠭᠤᠯᠢ ᠳᠤ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠢ ᠬᠡᠷᠡᠭᠯᠡᠬᠦ ᠶᠢᠨ | ᠬᠠᠮᠲᠤ ᠵᠡᠷᠭᠡ ᠳᠤ ᠨᠢ ᠡᠷᠡᠮᠡᠯᠵᠡᠯ ᠤᠨ ᠲᠠᠩᠰᠠ ᠡᠪᠬᠡᠮᠡᠯ ᠭᠠᠷᠭᠠᠵᠤ ᠰᠣᠷᠣᠭᠴᠢ ᠡᠯᠰᠡᠬᠦ ᠶᠢ ᠬᠡᠷᠡᠭᠵᠢᠭᠦᠯᠦᠨ᠎ᠡ᠃ | ︽3 + 1 + 2︾ ᠤᠨ ᠵᠠᠭᠪᠤᠷ ᠲᠤ᠂ ᠰᠢᠯᠭᠠᠭᠤᠯᠤᠭᠴᠢ ᠶᠢᠨ ᠰᠣᠶᠣᠯ ᠤᠨ ᠬᠢᠴᠢᠶᠡᠯ ᠤᠨ ᠶᠡᠷᠦᠩᠬᠡᠶ | ᠬᠢᠷᠢ ᠪᠦᠲᠦᠮᠵᠢ ᠶᠢᠨ ᠪᠦᠷᠢᠨ ᠬᠤᠪᠢ 750 ᠬᠤᠪᠢ ᠪᠣᠯᠤᠨ᠎ᠠ᠃ ᠡᠭᠦᠨ ᠳᠤ ︽3︾ ᠪᠣᠯ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ ᠨᠢ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠨᠢᠭᠡᠳᠦᠯᠲᠡᠢ ᠰᠢᠯᠭᠠᠬᠤ ᠬᠢᠴᠢᠶᠡᠯ | ᠲᠥᠷᠥᠯ ᠪᠣᠯᠤᠨ᠎ᠠ᠂ ᠡᠲᠡᠭᠡᠷ ᠬᠢᠴᠢᠶᠡᠯ ᠲᠥᠷᠥᠯ ᠢ ᠳᠠᠭᠢᠵᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠬᠢᠴᠢᠶᠡᠯ ᠲᠥᠷᠦᠯ ᠭᠡᠵᠦ ᠬᠤᠪᠢᠶᠠᠬᠤ ᠥᠬᠡᠶ᠂ ᠰᠢᠯᠭᠠᠯᠲᠠ ᠶᠢᠨ ᠰᠡᠳᠦᠪ ᠢ ᠤᠯᠤᠰ ᠠᠴᠠ | ᠨᠢᠭᠡᠳᠦᠯᠲᠡᠶ ᠭᠠᠷᠭᠠᠵᠤ᠂ ᠲᠥᠷᠥᠯ ᠪᠦᠷᠢ ᠶᠢᠨ ᠪᠦᠷᠢᠨ ᠬᠤᠪᠢ ᠨᠢ 150 ᠬᠤᠪᠢ ᠪᠣᠯᠤᠨ᠎ᠠ᠃ ︽1︾ ᠪᠠ ︽2︾ | ᠪᠣᠯ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠣᠩᠭᠤᠯᠲᠠ ᠶᠢᠨ ᠴᠢᠨᠠᠷᠲᠠᠶ ᠬᠢᠴᠢᠶᠡᠯ ᠲᠥᠷᠥᠯ ᠪᠣᠯᠤᠨ᠎ᠠ᠂ | ᠰᠢᠯᠭᠠᠯᠲᠠ ᠶᠢᠨ ᠰᠡᠳᠦᠪ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠭᠠᠷᠭᠠᠨ᠎ᠠ᠃ ︽1︾ ᠪᠣᠯ | ᠰᠢᠯᠭᠠᠭᠤᠯᠤᠭᠴᠢ ᠹᠢᠽᠢᠺ ᠪᠤᠶᠤ ᠲᠡᠦᠬᠡ ᠶᠢᠨ ᠬᠢᠴᠢᠶᠡᠯ ᠲᠥᠷᠥᠯ ᠠᠴᠠ 1 ᠲᠥᠷᠥᠯ ᠢ ᠰᠣᠩᠭᠤᠵᠤ ᠠᠩᠬᠠᠨ ᠤ | ᠰᠣᠩᠭᠤᠯᠲᠠ ᠶᠢᠨ ᠬᠢᠴᠢᠶᠡᠯ ᠲᠥᠷᠥᠯ ᠪᠣᠯᠭᠠᠵᠤ᠂ ᠬᠢᠴᠢᠶᠡᠯ ᠲᠥᠷᠥᠯ ᠪᠦᠷᠢ ᠶᠢᠨ ᠪᠦᠷᠢᠨ ᠬᠤᠪᠢ100 ᠬᠤᠪᠢ | ᠪᠠᠶᠢᠵᠤ᠂ ᠰᠢᠯᠭᠠᠯᠲᠠ ᠶᠢᠨ ᠠᠩᠬᠠᠨ ᠤ ᠬᠤᠪᠢ ᠶᠢ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠳᠤ ᠪᠤᠳᠤᠵᠤ | ᠣᠷᠣᠭᠤᠯᠤᠨ᠎ᠠ᠃ ︽2︾ ᠪᠣᠯ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ | ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2 ᠬᠢᠴᠢᠶᠡᠯ ᠲᠥᠷᠥᠯ ᠢ ᠰᠣᠩᠭᠤᠵᠤ ᠳᠠᠬᠢᠨ | ᠰᠣᠩᠭᠤᠬᠤ ᠬᠢᠴᠢᠶᠡᠯ ᠲᠥᠷᠥᠯ ᠪᠣᠯᠭᠠᠵᠤ᠂ ᠬᠢᠴᠢᠶᠡᠯ ᠲᠥᠷᠥᠯ ᠪᠦᠷᠢ ᠶᠢᠨ ᠪᠦᠷᠢᠨ ᠬᠤᠪᠢ100 ᠬᠤᠪᠢ ᠪᠠᠶᠢᠵᠤ᠂ | ᠳᠡᠰ ᠢᠶᠠᠷ ᠨᠢ ᠬᠤᠪᠢ ᠶᠢ ᠬᠤᠪᠢᠷᠠᠭᠤᠯᠵᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠳᠤ ᠪᠤᠳᠤᠵᠤ | ᠣᠷᠣᠭᠤᠯᠤᠨ᠎ᠠ᠃ ︽3 + 1 + 2︾ ᠤᠨ ᠵᠠᠭᠪᠤᠷ ᠲᠤ 12 ᠵᠦᠢᠯ ᠤᠨ ᠬᠠᠮ ᠬᠡᠯᠪᠡᠷᠢ ᠶᠢ ᠰᠤᠷᠤᠭᠴᠢᠳ | ᠡᠵᠡᠨ ᠮᠡᠳᠡᠵᠦ ᠰᠣᠩᠭᠤᠬᠤ ᠳᠤ ᠬᠠᠩᠭᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ | ᠤᠬᠠᠭᠠᠨ ᠢ ᠠᠭᠤᠰᠬᠠᠵᠤ᠂ ᠰᠢᠯᠭᠠᠭᠤᠯᠤᠭᠴᠢ ᠶᠢᠨ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠬᠦᠷᠦᠯᠴᠡᠬᠦ ᠥᠬᠡᠶ | ᠲᠠᠯ᠎ᠠ ᠪᠠᠨ ᠲᠡᠪᠴᠢᠵᠦ᠂ ᠰᠣᠩᠭᠤᠬᠤ ᠣᠷᠣᠨ ᠵᠠᠶ ᠪᠠᠨ ᠨᠡᠮᠡᠭᠳᠡᠭᠦᠯᠬᠦ ᠳᠤ ᠠᠰᠢᠭᠲᠠᠶ ᠶᠤᠮ᠃ | ᠰᠣᠷᠣᠭᠴᠢ ᠡᠯᠰᠡᠬᠦ ᠲᠠᠯ᠎ᠠ ᠪᠠᠷ᠂ 2025 ᠣᠨ ᠠᠴᠠ ᠡᠬᠢᠯᠡᠨ᠂ ᠡᠩ ᠤᠨ ᠳᠡᠭᠡᠳᠦ ᠰᠤᠷᠭᠠᠭᠤᠯᠢ ᠳᠤ | ᠰᠢᠯᠭᠠᠯᠲᠠ ᠪᠠᠷ ᠰᠣᠷᠣᠭᠴᠢ ᠡᠯᠰᠡᠬᠦ ᠳᠤ ︽ᠬᠤᠶᠠᠷ ᠦᠨᠳᠦᠰᠦᠯᠡᠯ᠂ ᠨᠢᠭᠡ ᠯᠠᠪᠯᠠᠯᠲᠠ︾ ᠶᠢᠨ ᠵᠠᠭᠪᠤᠷ ᠢ ᠬᠡᠷᠡᠭᠯᠡᠨ᠎ᠡ᠂ | ᠨᠢᠭᠡ ᠳᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ ᠤᠨ ᠬᠢᠷᠢ | ᠪᠦᠲᠦᠮᠵᠢ ᠶᠢ ᠦᠨᠳᠦᠰᠦᠯᠡᠨ᠎ᠡ︔ ᠬᠤᠶᠠᠷ ᠲᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠬᠡᠮᠵᠢᠶᠡᠨ ᠤ ᠰᠢᠯᠭᠠᠯᠲᠠ ᠶᠢᠨ ᠰᠣᠩᠭᠤᠨ ᠰᠢᠯᠭᠠᠬᠤ 3 ᠬᠢᠴᠢᠶᠡᠯ ᠲᠥᠷᠥᠯ ᠤᠨ ᠬᠢᠷᠢ ᠪᠦᠲᠦᠮᠵᠢ ᠶᠢ | ᠦᠨᠳᠦᠰᠦᠯᠡᠨ᠎ᠡ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠴᠢᠬᠤᠯᠠ ᠦᠨᠳᠦᠰᠦᠯᠡᠯ | ᠪᠣᠯᠭᠠᠵᠤ᠂ ︽ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ︾ ᠶᠢᠨ ᠨᠢᠭᠡᠨ ᠬᠢᠯᠠᠰ ᠴᠡᠭ ᠪᠣᠯᠭᠠᠬᠤ ᠨᠢ ᠰᠤᠷᠤᠭᠴᠢᠳ ᠢ ᠬᠥᠲᠥᠯᠥᠨ ᠵᠢᠯᠣᠭᠤᠳᠴᠤ ᠬᠢᠴᠢᠶᠡᠯ ᠲᠥᠷᠥᠯ | ᠨᠢᠭᠡ ᠪᠦᠷᠢ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ ᠠᠯᠢ ᠨᠢᠭᠡ ᠬᠢᠴᠢᠶᠡᠯ ᠲᠥᠷᠥᠯ ᠳᠤ ᠬᠦᠨᠳᠦ ᠨᠣᠴᠢᠲᠠᠶ | ᠬᠡᠯᠪᠠᠶᠢᠬᠦ ᠠᠴᠠ ᠵᠠᠶᠢᠯᠠᠰᠬᠢᠬᠤ ᠶᠢᠨ ᠬᠠᠮᠲᠤ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠰᠣᠩᠭᠤᠬᠤ ᠳᠤ ᠨᠥᠬᠦᠴᠡᠯ | ᠪᠦᠷᠢᠯᠳᠦᠭᠦᠯᠵᠦ ᠥᠭᠭᠦᠨ᠎ᠡ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢ ᠬᠢᠷᠢ ᠲᠡᠩᠴᠡᠭᠦ ᠴᠢᠨᠠᠷᠲᠠᠢ ᠰᠢᠯᠭᠠᠯᠲᠠ ᠪᠠ ᠰᠣᠩᠭᠤᠯᠲᠠ ᠶᠢᠨ ᠴᠢᠨᠠᠷᠲᠠᠢ ᠰᠢᠯᠭᠠᠯᠲᠠ ᠭᠡᠵᠦ | ᠬᠤᠪᠢᠶᠠᠨ᠎ᠠ᠃ ᠬᠢᠷᠢ ᠲᠡᠩᠴᠡᠭᠦ ᠴᠢᠨᠠᠷᠲᠠᠢ ᠰᠢᠯᠭᠠᠯᠲᠠ ᠪᠣᠯ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠲᠡᠭᠦᠰᠬᠦ ᠵᠢᠴᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠠᠢ | ᠠᠳᠠᠯᠢ ᠲᠠᠰ ᠤᠨ ᠰᠤᠷᠤᠯᠭ᠎ᠠ ᠶᠢᠨ ᠨᠠᠮᠲᠠᠷ ᠢ ᠮᠠᠭᠠᠳᠯᠠᠨ ᠲᠣᠭᠲᠠᠭᠠᠬᠤ ᠶᠢᠨ ᠭᠤᠤᠯ ᠦᠨᠳᠦᠰᠦᠯᠡᠯ ᠪᠠᠶᠢᠵᠤ᠂ | ᠡᠭᠦᠨ ᠳᠤ ᠤᠯᠤᠰ ᠤᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠳᠤ | ᠲᠣᠭᠲᠠᠭᠠᠭᠰᠠᠨ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ᠂ | ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ᠂ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ᠂ | ᠨᠡᠶᠢᠳᠡᠮ ᠬᠡᠷᠡᠭᠯᠡᠭᠡᠨ ᠤ ᠮᠡᠷᠭᠡᠵᠢᠯ᠂ ᠤᠷᠠᠯᠢᠭ᠂ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠵᠡᠷᠭᠡ13 ᠬᠢᠴᠢᠶᠡᠯ | ᠲᠥᠷᠥᠯ ᠢ ᠪᠠᠭᠲᠠᠭᠠᠨ᠎ᠠ᠃ ᠰᠢᠯᠭᠠᠯᠲᠠ ᠶᠢ ᠵᠢᠭᠠᠨ ᠰᠤᠷᠭᠠᠯᠲᠠ ᠶᠢᠨ ᠠᠬᠢᠴᠠ ᠶᠣᠰᠤ ᠪᠠᠷ ᠰᠤᠷᠴᠤ ᠪᠠᠷᠠᠮᠠᠭᠴᠠ | ᠰᠢᠯᠭᠠᠵᠤ᠂ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠦ᠂ ᠬᠢᠷᠢ ᠲᠡᠩᠴᠡᠭᠦ ᠥᠬᠡᠶ ᠪᠠᠷ ᠢᠯᠡᠷᠡᠵᠦ᠂ ᠬᠢᠷᠢ | ᠪᠦᠲᠦᠮᠵᠢ ᠶᠢ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠬᠤ ᠥᠬᠡᠶ᠂ ᠬᠢᠷᠢ ᠲᠡᠩᠴᠡᠭᠰᠡᠳ ᠲᠤ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠣᠯᠭᠤᠨ᠎ᠠ᠃ | ᠰᠣᠩᠭᠤᠯᠲᠠ ᠶᠢᠨ ᠴᠢᠨᠠᠷᠲᠠᠢ ᠶᠢ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠴᠢᠬᠤᠯᠠ | ᠦᠨᠳᠦᠰᠦᠯᠡᠯ ᠪᠣᠯᠭᠠᠵᠤ᠂ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠵᠤ᠂ ᠬᠢᠷᠢ ᠪᠦᠲᠦᠮᠵᠢ ᠶᠢ | ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶ | ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ᠰᠢᠯᠭᠠᠯᠲᠠ ᠶᠢᠨ ᠬᠢᠴᠢᠶᠡᠯ ᠲᠥᠷᠥᠯ ᠳᠤ ᠦᠵᠡᠯ ᠰᠠᠨᠠᠭ᠎ᠠ ᠤᠯᠤᠰ | ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 6 ᠬᠢᠴᠢᠶᠡᠯ ᠲᠥᠷᠥᠯ ᠢ | ᠪᠠᠭᠲᠠᠭᠠᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ | ᠵᠣᠬᠢᠬᠤ ᠬᠢᠴᠢᠶᠡᠯ ᠲᠥᠷᠥᠯ ᠤᠨ ᠬᠢᠷᠢ ᠪᠦᠲᠦᠮᠵᠢ ︽ᠬᠢᠷᠢ ᠲᠡᠩᠴᠡᠭᠰᠡᠨ︾ ᠰᠠᠭᠤᠷᠢᠨ ᠳᠡᠭᠡᠷ᠎ᠡ ᠰᠣᠩᠭᠤᠯᠲᠠ ᠶᠢᠨ | ᠴᠢᠨᠠᠷᠲᠠᠢ ᠶᠢᠨ ᠬᠢᠴᠢᠶᠡᠯ ᠲᠥᠷᠥᠯ ᠢ ᠨᠡᠷ᠎ᠡ ᠮᠡᠳᠡᠭᠦᠯᠦᠨ ᠰᠢᠯᠭᠠᠭᠤᠯᠤᠨ᠎ᠠ᠃ | ︽ᠨᠢᠭᠡ ᠯᠠᠪᠯᠠᠯᠲᠠ︾ ᠪᠣᠯ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ | ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠭᠰᠡᠨ ᠦᠷ᠎ᠡ ᠳ᠋ᠦᠩ ᠢ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠣᠷᠣᠭᠴᠢ ᠡᠯᠰᠡᠬᠦ ᠴᠢᠬᠤᠯᠠ ᠯᠠᠪᠯᠠᠯᠲᠠ ᠪᠣᠯᠭᠠᠵᠤ᠂ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠦᠶ᠎ᠡ ᠳᠤ᠂ | ᠳᠡᠭᠡᠳᠦ ᠰᠤᠷᠭᠠᠭᠤᠯᠢ ᠤᠷᠢᠳ ᠢᠶᠠᠷ ᠡᠯᠰᠡᠬᠦ ᠪᠠ ᠲᠤᠰᠬᠠᠶ ᠮᠡᠷᠭᠡᠵᠢᠯ ᠢ ᠤᠷᠢᠳ ᠢᠶᠠᠷ ᠲᠣᠬᠢᠷᠠᠭᠤᠯᠵᠤ ᠪᠣᠯᠤᠨ᠎ᠠ᠃ | ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠣᠯ ᠰᠣᠷᠣᠭᠴᠢ᠂ ᠬᠠᠮᠲᠤ ᠰᠣᠷᠣᠭᠴᠢ᠂ ᠪᠠᠭᠰᠢ ᠪᠠ ᠬᠡᠷ ᠤᠨ | ᠠᠬᠠᠮᠠᠳ ᠵᠡᠷᠭᠡ ᠣᠯᠠᠨ ᠡᠰᠢᠲᠦ ᠪᠡᠶᠡᠴᠢ ᠴᠣᠭᠴᠠ ᠶᠢᠨ ᠣᠷᠣᠯᠴᠠᠭᠰᠠᠨ ᠡᠳᠦᠷ ᠲᠤᠲᠤᠮ ᠤᠨ ᠬᠥᠳᠡᠯᠦᠩᠭᠦᠶ | ᠦᠨᠡᠯᠡᠯᠲᠡ ᠪᠣᠯᠤᠨ᠎ᠠ᠃ ᠦᠨᠡᠯᠡᠬᠦ ᠠᠭᠤᠯᠭ᠎ᠠ ᠳᠤ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠶᠢᠨ ᠬᠢᠷᠢ ᠬᠡᠮᠵᠢᠶ᠎ᠡ᠂ | ᠪᠡᠶ᠎ᠡ ᠰᠡᠳᠬᠢᠯ ᠤᠨ ᠡᠷᠡᠭᠦᠯ ᠮᠡᠨᠳᠦ᠂ ᠤᠷᠠᠯᠢᠭ ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶᠢᠭᠡᠮ ᠤᠨ | ᠦᠢᠯᠡᠳᠦᠯᠭᠡ ᠵᠡᠷᠭᠡ 5 ᠲᠠᠯ᠎ᠠ ᠶᠢ ᠪᠠᠭᠲᠠᠭᠠᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠨᠢᠭᠡᠨᠲᠡ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠰᠤᠷᠤᠭᠴᠢᠳ ᠤᠨ ᠡᠳᠦᠷ ᠲᠤᠲᠤᠮ ᠤᠨ ᠢᠯᠡᠷᠡᠯ ᠢ ᠦᠨᠡᠨ ᠪᠣᠳᠠᠲᠠᠢ | ᠲᠡᠮᠳᠡᠭᠯᠡᠬᠦ ᠶᠢ ᠬᠡᠷᠡᠭᠵᠢᠭᠦᠯᠵᠦ᠂ ᠨᠣᠲᠠᠯᠠᠵᠤ ᠢᠯᠡ ᠨᠡᠶᠢᠲᠡᠯᠡᠪᠡᠯ ᠬᠤᠪᠢᠷᠠᠭᠤᠯᠵᠤ ᠪᠣᠯᠬᠤ ᠥᠬᠡᠶ᠂ ᠡᠷᠬᠡ ᠲᠡᠭᠰᠢ | ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠪᠠ᠃ | ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠭᠤᠭᠴᠤᠭ᠎ᠠ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ | ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ | ᠰᠣᠷᠣᠭᠴᠢ ᠡᠯᠰᠡᠬᠦ ᠲᠦᠷᠢᠮ ᠪᠣᠯ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠬᠢᠴᠢᠶᠡᠯ ᠲᠥᠷᠦᠯ ᠭᠡᠵᠦ ᠬᠤᠪᠢᠶᠠᠵᠤ᠂ ᠵᠥᠪᠬᠡᠨ ᠨᠡᠶᠢᠭᠡᠮ ᠤᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢᠨ | ᠪᠠᠶᠢᠴᠠᠭᠠᠯᠲᠠ ᠪᠠ ᠪᠠᠶᠢᠭᠠᠯᠢ ᠶᠢᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠴᠠᠭᠠᠯᠲᠠ ᠭᠡᠬᠦ | ᠳᠣᠭᠲᠠᠭᠰᠠᠨ ᠬᠠᠮ ᠰᠢᠯᠭᠠᠯᠲᠠ ᠶᠢᠨ ᠰᠡᠳᠦᠪ 2 ᠵᠦᠢᠯ ᠪᠠᠶᠢᠳᠠᠭ᠃ ︽ᠰᠢᠨ᠎ᠡ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ | ᠰᠢᠯᠭᠠᠭᠤᠯᠤᠭᠴᠢ ᠶᠢᠨ ᠰᠣᠩᠭᠤᠨ ᠰᠢᠯᠭᠠᠬᠤ ᠹᠢᠽᠢᠺ ᠤᠨ ᠬᠠᠮ ᠬᠡᠯᠪᠡᠷᠢ᠂ ᠲᠡᠦᠬᠡ ᠶᠢᠨ ᠬᠠᠮ ᠬᠡᠯᠪᠡᠷᠢ ᠭᠡᠬᠦ ᠬᠤᠶᠠᠷ | ᠲᠥᠷᠥᠯ ᠤᠨ ᠶᠣᠰᠤ ᠪᠠᠷ ᠰᠣᠷᠣᠭᠴᠢ ᠡᠯᠰᠡᠬᠦ ᠲᠥᠯᠥᠪᠯᠡᠭᠡ ᠶᠢ ᠲᠣᠰ ᠲᠣᠰ ᠨᠠᠶᠢᠷᠠᠭᠤᠯᠤᠨ ᠵᠣᠬᠢᠶᠠᠵᠤ᠂ ᠠᠰ | ᠠᠰ ᠲᠤ ᠨᠢ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠳᠣᠭᠲᠠᠭᠠᠵᠤ᠂ ᠠᠰ ᠠᠰ ᠲᠤ ᠨᠢ ᠳᠠᠩᠰᠠ ᠡᠪᠬᠡᠮᠡᠯ | ᠥᠭᠴᠦ᠂ ᠠᠰ ᠠᠰ ᠲᠤ ᠨᠢ ᠡᠯᠰᠡᠨ᠎ᠡ᠃ ᠡᠭᠦᠨ ᠤ ᠬᠠᠮᠲᠤ᠂ ᠤᠤᠯ ᠤᠨ ᠦᠨᠳᠦᠰᠦᠨ ᠠᠩᠭᠢ ᠶᠢᠨ ᠨᠢᠭᠡᠳᠦᠭᠡᠷ | ᠪᠦᠯᠦᠭ ᠤᠳᠠᠭ᠎ᠠ᠂ ᠬᠤᠶᠠᠳᠤᠭᠠᠷ ᠪᠦᠯᠦᠭ ᠤᠳᠠᠭ᠎ᠠ ᠶᠢᠨ ᠰᠤᠷᠤᠭᠴᠢ ᠡᠯᠰᠡᠬᠦ ᠶᠢ ᠨᠡᠶᠢᠯᠡᠭᠦᠯᠦᠭᠡᠳ ᠨᠢᠭᠡ ᠪᠦᠯᠦᠭ | ᠤᠳᠠᠭ᠎ᠠ ᠰᠤᠷᠤᠭᠴᠢ ᠡᠯᠰᠡᠬᠦ ᠪᠣᠯᠭᠠᠬᠤ ᠶᠢᠨ ᠬᠠᠮᠲᠤ ᠵᠡᠷᠭᠡ ᠳᠤ ᠨᠢ ᠡᠷᠡᠮᠡᠯᠵᠡᠵᠦ ᠲᠠᠩᠰᠠ ᠡᠪᠬᠡᠮᠡᠯ ᠥᠭᠴᠦ | ᠡᠯᠰᠡᠬᠦ ᠶᠢ ᠬᠡᠷᠡᠭᠵᠢᠭᠦᠯᠦᠨ᠎ᠡ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠭᠰᠠᠨ ᠰᠢᠯᠭᠠᠯᠲᠠ ᠳᠤ | ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ ᠰᠢᠯᠭᠠᠯᠲᠠ ᠶᠢᠨ ᠵᠠᠭᠪᠤᠷ ᠢ | ᠬᠡᠷᠡᠭᠵᠢᠭᠦᠯᠵᠦ᠂ ᠶᠡᠷᠦ ᠳᠤ ᠪᠠᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠠᠴᠠ ᠡᠮᠦᠨ᠎ᠡ ᠶᠠᠪᠤᠭᠳᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠨ ᠪᠣᠯᠪᠠᠴᠤ ᠡᠯᠰᠡᠭᠳᠡᠭᠰᠡᠨ ᠥᠬᠡᠶ ᠰᠢᠯᠭᠠᠭᠤᠯᠤᠭᠴᠢ ᠪᠠᠰᠠ | ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ | ᠦᠷᠭᠦᠯᠵᠢᠯᠡᠨ ᠣᠷᠣᠯᠴᠠᠵᠤ ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ | ᠬᠤᠪᠢᠶᠠᠭᠰᠠᠨ ᠰᠢᠯᠭᠠᠯᠲᠠ ᠪᠠᠷ ᠳᠠᠮᠵᠢᠨ ᠡᠯᠰᠡᠭᠳᠡᠭᠰᠡᠨ ᠰᠤᠷᠤᠭᠴᠢ ᠪᠣᠯᠤᠨ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠳᠠᠮᠵᠢᠨ ᠡᠯᠰᠡᠭᠳᠡᠭᠰᠡᠨ ᠰᠤᠷᠤᠭᠴᠢ ᠶᠢᠨ | ᠲᠡᠭᠦᠰᠬᠦ ᠦᠨᠡᠮᠯᠡᠯ ᠤᠨ ᠬᠦᠴᠦᠨ ᠨᠢ ᠪᠦᠷᠢᠮᠦᠰᠦᠨ ᠠᠳᠠᠯᠢ ᠪᠠᠶᠢᠵᠤ᠂ ᠶᠠᠮᠠᠷ ᠴᠤ ᠢᠯᠭᠠᠭ᠎ᠠ ᠦᠭᠡᠶ ᠶᠤᠮ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠮᠠᠳᠠᠭ ᠢ ᠠᠷᠢᠯᠭᠠᠵᠤ ᠲᠥᠭᠡᠷᠢᠭᠳᠡᠯ ᠢ ᠲᠠᠶᠢᠯᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠵᠦᠪᠯᠡᠯᠭᠡ ᠥᠭᠬᠦ ᠤᠲᠠᠰᠤ 0471 - 2856836 ︵ᠠᠵᠢᠯ ᠤᠨ ᠡᠳᠦᠷ ᠤᠨ 9᠄ 00-12᠄ | 00 14᠄ 30-17᠄ 30︶᠂ ᠵᠦᠪᠯᠡᠯᠭᠡ ᠥᠭᠬᠦ ᠲᠠᠪᠴᠠᠩ ︵ᠳᠤᠤᠷ᠎ᠠ ᠲᠠᠯ᠎ᠠ ᠶᠢᠨ ᠬᠤᠶᠠᠷ ᠬᠡᠮᠵᠢᠯᠳᠦ | ᠺᠣᠳ᠋ ᠢ ᠰᠢᠷᠪᠢᠵᠦ᠂ ᠦᠨᠡᠨ ᠨᠡᠷ᠎ᠡ ᠪᠠᠷ ᠳᠠᠩᠰᠠᠯᠠᠭᠤᠯᠤᠨ᠎ᠠ︶ ᠪᠠ ᠢᠮᠧᠯ gkzhggzx@163.com ᠢ | ᠨᠡᠪᠲᠡᠷᠡᠭᠦᠯᠪᠠ᠂ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠵᠦᠪᠯᠡᠯᠭᠡ ᠥᠭᠬᠦ ᠦᠢᠯᠡᠴᠢᠯᠡᠭᠡ | ᠶᠢ ᠨᠠᠷᠢᠨ ᠨᠢᠮᠪᠠᠶ ᠬᠠᠩᠭᠠᠨ᠎ᠠ᠃ | | | | | | | |