ᠥᠪᠡᠷᠲᠡᠭᠡᠨ ᠵᠠᠰᠠᠬᠤ ᠣᠷᠣᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ  ᠸᠠᠩ ᠯᠢ ᠰᠢᠶᠠ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2022/6/28
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠸᠠᠩ ᠯᠢ ᠰᠢᠶᠠ᠂ ᠰᠢᠨ᠎ᠡ ᠡᠭᠡᠯᠵᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠡᠯ᠎ᠡ ᠱᠠᠲᠤᠨ ᠤ ᠡᠯ᠎ᠡ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠤᠭᠤᠰᠢᠲᠠᠶ ᠠᠳᠬᠤᠬᠤ ᠬᠡᠷᠡᠭᠲᠡᠶ ᠭᠡᠵᠦ ᠵᠢᠭᠠᠵᠤ    ᠭᠠᠷᠭᠠᠪᠠ᠃      ᠸᠠᠩ ᠯᠢ ᠰᠢᠶᠠ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠠᠬᠢᠴᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠭᠤᠯᠢ ᠡᠷᠭᠢᠯᠡᠬᠦ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠰᠤᠷᠤᠭᠴᠢᠳ ᠤᠨ ᠠᠮᠢᠳᠤᠷᠠᠬᠤᠢ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠳᠡᠭᠡᠷ᠎ᠡ ᠬᠦᠴᠦ ᠲᠠᠯᠪᠢᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠢᠯᠭᠠᠯᠲᠠ ᠶᠢᠨ ᠰᠡᠳᠦᠪ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠣᠷᠣᠨ ᠳᠠᠶᠠᠭᠠᠷ ᠢᠶᠠᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠤᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠳᠬᠠᠵᠤ᠂ ᠡᠯ᠎ᠡ ᠵᠦᠢᠯ ᠤᠨ ᠰᠠᠭᠤᠷᠢ ᠨᠥᠬᠦᠴᠡᠯ ᠢ ᠲᠡᠭᠦᠯᠳᠡᠷᠵᠢᠭᠦᠯᠵᠦ᠂ ᠵᠥᠪ ᠲᠠᠯ᠎ᠠ ᠶᠢᠨ ᠤᠬᠠᠭᠤᠯᠭ᠎ᠠ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号