ᠠᠮᠤᠷ ᠲᠦᠪᠰᠢᠨ ᠤ ᠬᠥᠮᠦᠵᠢᠯ — ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠰᠤᠨ ᠳᠤ ᠤᠨᠠᠬᠤ ᠶᠢ ᠰᠡᠷᠭᠡᠶᠢᠯᠡᠬᠦ ᠲᠤᠰᠬᠠᠶ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/7/19
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠳᠦᠷᠢᠮᠵᠢᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠴᠢᠩᠭ᠎ᠠ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠪᠠ᠃ ᠬᠥᠯᠥᠨ ᠪᠤᠶᠢᠷ ᠬᠤᠲᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠬᠠᠮᠲᠤ ᠳᠤ ᠪᠠᠨ    ᠦᠵᠡᠵᠡᠭᠡᠶ᠎ᠡ︕      ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤᠨ ᠳᠤ ᠤᠨᠠᠬᠤ ᠬᠡᠷᠡᠭ ᠠᠮᠠᠷᠬᠠᠨ ᠡᠭᠦᠰᠳᠡᠭ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠣᠨ ᠤ ᠠᠮᠠᠷᠠᠯᠲᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠪᠥᠬᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ︵ᠬᠡᠦᠬᠡᠳ ᠤᠨ ᠴᠡᠴᠡᠷᠯᠢᠭ ᠤᠨ ᠰᠤᠷᠤᠭᠴᠢᠳ ᠢ ᠪᠠᠭᠲᠠᠭᠠᠨ᠎ᠠ︶ ᠪᠣᠯᠤᠨ ᠬᠡᠷ ᠤᠨ ᠠᠬᠠᠮᠠᠳ ᠢ ᠵᠣᠬᠢᠶᠠᠨ ᠪᠠᠶᠢᠭᠤᠯᠵᠤ ︽ᠵᠣᠨ ᠤ ᠠᠮᠠᠷᠠᠯᠲᠠ ᠶᠢᠨ ᠠᠮᠤᠷ ᠲᠦᠪᠰᠢᠨ ᠤ ᠨᠢᠭᠡᠳᠦᠭᠡᠷ ᠬᠢᠴᠢᠶᠡᠯ᠄ ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ ᠤᠰᠤᠨ ᠳᠤ ᠤᠨᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ︾ ᠭᠡᠬᠦ ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠲᠤᠰᠬᠠᠶ ᠰᠡᠳᠦᠪᠲᠦ ᠫᠷᠤᠭ᠍ᠷᠠᠮ ᠢ ᠲᠥᠪᠯᠡᠷᠡᠭᠦᠯᠦᠨ ᠦᠵᠡᠪᠡ᠃      ᠬᠠᠶᠢᠯᠠᠷ ᠲᠣᠭᠤᠷᠢᠭ      ᠬᠠᠶᠢᠯᠠᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠢᠴᠢ ᠠᠯᠪᠠᠨ ︵ᠠᠷᠠᠳ︶ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠢᠨ ᠤᠰᠤᠨ ᠳᠤ ᠤᠨᠠᠬᠤ ᠠᠴᠠ ᠰᠡᠷᠭᠡᠶᠢᠯᠡᠬᠦ ᠲᠤᠰᠬᠠᠶ ᠠᠮᠤᠷ ᠲᠦᠪᠰᠢᠨ ᠤ ᠬᠥᠮᠦᠵᠢᠯ ᠢ ᠥᠷᠨᠢᠭᠦᠯᠪᠡ᠃ ᠰᠤᠷᠭᠠᠭᠤᠯᠢ ᠶᠢᠨ ᠬᠦᠷᠢᠶᠡᠨ ᠤ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠨᠠᠷᠢᠨ ᠨᠢᠭᠲᠠ ᠪᠠᠶᠢᠷᠢᠯᠠᠭᠤᠯᠵᠤ᠂ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠦᠨᠡᠨ ᠬᠦ ᠶᠠᠪᠤᠭᠳᠠᠭᠤᠰᠢᠲᠠᠶ ᠪᠡᠯᠡᠳᠬᠡᠯ ᠲᠥᠰᠦᠯ ᠢ ᠳᠣᠭᠲᠠᠭᠠᠪᠠ᠃ ᠪᠦᠬᠦ ᠪᠠᠭᠰᠢ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠤᠰᠤᠨ ᠳᠤ ᠤᠨᠠᠬᠤ ᠶᠢ ᠰᠡᠷᠭᠡᠶᠢᠯᠡᠬᠦ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ ᠪᠦᠬᠦ ᠪᠠᠭᠰᠢ ᠠᠵᠢᠯᠲᠠᠨ ᠠᠵᠢᠯᠴᠢᠨ ᠤ ᠤᠰᠤᠨ ᠳᠤ ᠤᠨᠠᠬᠤ ᠶᠢ ᠰᠡᠷᠭᠡᠶᠢᠯᠡᠬᠦ ᠰᠤᠷᠭᠠᠨ ᠬᠥᠮᠦᠵᠢᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠶᠢ ᠳᠡᠭᠡᠭᠰᠢᠯᠡᠭᠦᠯᠪᠡ᠃ ᠡᠯ᠎ᠡ ᠰᠤᠷᠭᠠᠭᠤᠯᠢ ᠨᠢ ᠰᠣᠷᠣᠭᠴᠢ᠂ ᠬᠡᠦᠬᠡᠳ ᠤᠨ ᠨᠠᠰᠤ ᠪᠠ ᠲᠠᠨᠢᠨ ᠮᠡᠳᠡᠬᠦᠶ ᠶᠢᠨ ᠣᠨᠴᠠᠯᠢᠭ ᠲᠠᠢ ᠤᠶᠠᠯᠳᠤᠭᠤᠯᠤᠨ᠂ ᠲᠣᠰ ᠲᠣᠰ ︽ᠠᠮᠢ ᠨᠠᠰᠤ ᠪᠠᠨ ᠨᠠᠨᠳᠢᠩᠨᠠᠵᠤ᠂ ᠤᠰᠤᠨ ᠳᠤ ᠤᠨᠠᠬᠤ ᠶᠢ ᠰᠡᠷᠭᠡᠶᠢᠯᠡᠬᠦ︾ ᠭᠤᠤᠯ ᠰᠡᠳᠦᠪᠲᠦ ᠠᠩᠭᠢ ᠶᠢᠨ ᠬᠤᠷᠠᠯ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠳᠡᠳ᠋ ᠵᠠᠬᠢᠷᠤᠯ ᠬᠢᠴᠢᠶᠡᠯ ᠣᠷᠣᠬᠤ᠂ ᠤᠯᠤᠰ ᠤᠨ ᠲᠤᠭ ᠤᠨ ᠳᠤᠤᠷ᠎ᠠ ᠶᠠᠷᠢᠶ᠎ᠠ ᠲᠠᠯᠪᠢᠬᠤ᠂ ᠷᠠᠳᠢᠣ᠋ ᠨᠡᠪᠲᠡᠷᠡᠭᠦᠯᠭᠡ ᠶᠢᠨ ᠲᠠᠶᠢᠯᠤᠮᠵᠢ ᠬᠢᠬᠦ᠂ ᠤᠰᠤᠨ ᠳᠤ ᠤᠨᠠᠬᠤ ᠶᠢ ᠰᠡᠷᠭᠡᠶᠢᠯᠡᠬᠦ ᠰᠣᠷᠢᠯᠲᠠ ᠬᠢᠬᠦ᠂ ᠤᠰᠤᠨ ᠳᠤ ᠤᠨᠠᠬᠤ ᠶᠢ ᠰᠡᠷᠭᠡᠶᠢᠯᠡᠬᠦ ᠤᠬᠠᠭᠤᠯᠭ᠎ᠠ ᠶᠢᠨ ᠹᠢᠯᠢᠮ ᠦᠵᠡᠬᠦ᠂ ᠤᠰᠤᠨ ᠳᠤ ᠤᠨᠠᠬᠤ ᠶᠢ ᠰᠡᠷᠭᠡᠶᠢᠯᠡᠬᠦ ᠵᠢᠷᠤᠭ ᠦᠵᠡᠵᠦ ᠵᠣᠬᠢᠶᠠᠯ ᠪᠢᠴᠢᠬᠦ᠂ ᠬᠤᠯᠪᠣᠭᠠᠲᠤ ᠪᠠᠯᠭᠠᠰᠤᠨ ᠤ ᠠᠯᠪᠠᠨ ᠬᠡᠷ ᠲᠠᠢ ᠬᠠᠮᠲᠤᠷᠠᠨ ᠤᠰᠤᠨ ᠳᠤ ᠤᠨᠠᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠵᠡᠷᠭᠡ ᠠᠵᠢᠯ ᠢ ᠥᠷᠨᠢᠭᠦᠯᠪᠡ᠃

     ᠰᠢᠨ᠎ᠡ ᠪᠠᠷᠭᠤ ᠪᠠᠷᠠᠭᠤᠨ ᠬᠤᠰᠢᠭᠤ

     ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠶᠢ

ᠵᠣᠬᠢᠶᠠᠨ ᠪᠠᠶᠢᠭᠤᠯᠤᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠪᠢᠴᠢᠯ

ᠸᠢᠳᠢᠣ᠋ ᠶᠢ ᠦᠵᠡᠵᠦ᠂ PPT ᠲᠠᠢ ᠤᠶᠠᠯᠳᠤᠭᠤᠯᠤᠨ ᠠᠰᠠᠭᠤᠯᠲᠠ ᠳᠤᠷᠠᠳᠬᠤ ᠬᠡᠯᠪᠡᠷᠢ ᠪᠠᠷ ᠰᠤᠷᠤᠭᠴᠢᠳ ᠢ

ᠬᠠᠪᠰᠤᠷᠤᠨ ᠤᠰᠤᠨ ᠳᠤ ᠤᠨᠠᠬᠤ ᠶᠢ ᠰᠡᠷᠭᠡᠶᠢᠯᠡᠬᠦ ︽ᠵᠢᠷᠭᠤᠭᠠᠨ ᠪᠣᠯᠬᠤ ᠥᠬᠡᠶ︾ ᠶᠢᠨ ᠠᠭᠤᠯᠭ᠎ᠠ ᠶᠢ ᠤᠯᠠᠮ

ᠴᠠᠭᠠᠰᠢᠲᠠ ᠪᠠᠬᠢᠵᠢᠭᠦᠯᠪᠡ᠃ ᠪᠠᠭᠰᠢ ᠶᠢᠨ ᠦᠵᠡᠭᠦᠯᠭᠡ ᠪᠠᠷ ᠳᠡᠮᠵᠢᠨ᠂ ᠤᠰᠤᠨ ᠳᠤ ᠤᠨᠠᠭᠰᠠᠨ‌ᠦᠶ᠎ᠡ ᠳᠤ ᠠᠪᠤᠷᠠᠨ

ᠲᠤᠰᠠᠯᠠᠬᠤ ᠠᠷᠭ᠎ᠠ ᠶᠢ ᠪᠡᠶᠡᠴᠢᠯᠡᠨ ᠣᠶᠢᠯᠠᠭᠠᠵᠤ᠂ ᠬᠤᠯᠪᠤᠭᠳᠠᠬᠤ ᠮᠡᠳᠡᠯᠭᠡ ᠪᠠ ᠤᠷ᠎ᠠ ᠴᠢᠳᠠᠪᠤᠷᠢ ᠶᠢ ᠤᠯᠠᠮᠵᠢᠯᠠᠵᠤ᠂

ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠲᠠᠰᠤᠷᠠᠯᠲᠠ ᠥᠬᠡᠶ ᠴᠢᠩᠭᠠᠳᠬᠠᠵᠤ᠂

ᠬᠡᠦᠬᠡᠳ ᠤᠨ ᠠᠶᠤᠯ ᠠᠴᠠ ᠵᠠᠶᠢᠯᠠᠵᠤ ᠭᠠᠮᠰᠢᠭ ᠠᠴᠠ ᠰᠡᠷᠭᠡᠶᠢᠯᠡᠬᠦ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ

ᠳᠡᠭᠡᠭᠰᠢᠯᠡᠭᠦᠯᠵᠦ᠂ ᠰᠠᠨᠠᠭᠠᠨ ᠳᠤ ᠥᠬᠡᠶ ᠠᠳᠡᠯ ᠡᠭᠦᠰᠬᠦ ᠶᠢ ᠴᠢᠩᠭ᠎ᠠ ᠰᠡᠷᠭᠡᠶᠢᠯᠡᠪᠡ᠃ ᠠᠵᠢᠯᠯᠠᠭ᠎ᠠ ᠨᠢ ᠪᠠᠰᠠ ᠬᠡᠷ ᠤᠨ

ᠠᠬᠠᠮᠠᠳ ᠲᠤ ᠤᠰᠤᠨ ᠳᠤ ᠤᠨᠠᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠡᠷ ᠤᠨ

ᠠᠬᠠᠮᠠᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠤᠬᠠᠮᠰᠠᠷ ᠢ

ᠳᠡᠭᠡᠭᠰᠢᠯᠡᠭᠦᠯᠪᠡ᠃

     ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ

     ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠷᠭᠠᠨ ᠬᠥᠮᠦᠵᠢᠯ ᠤᠨ

ᠲᠣᠪᠴᠢᠶ᠎ᠠ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠠᠵᠢᠯ ᠢ ᠨᠠᠩ ᠰᠠᠶᠢᠨ

ᠥᠷᠨᠢᠭᠦᠯᠬᠦ ᠶᠢᠨ ᠲᠥᠯᠥᠭᠡ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠡᠯ᠎ᠡ ᠵᠦᠢᠯ ᠤᠨ ᠬᠦᠴᠦᠲᠡᠶ ᠠᠷᠭ᠎ᠠ

ᠬᠡᠮᠵᠢᠶ᠎ᠡ ᠶᠢ ᠠᠪᠴᠤ᠂ ᠬᠡᠷ᠂ ᠰᠤᠷᠭᠠᠭᠤᠯᠢ ᠶᠢᠨ ᠠᠮᠤᠷ ᠲᠦᠪᠰᠢᠨ ᠤ ᠰᠦᠯᠵᠢᠶ᠎ᠡ ᠶᠢ ᠪᠠᠶᠢᠭᠤᠯᠵᠤ᠂ ︽ᠤᠰᠤᠨ ᠳᠤ

ᠤᠨᠠᠬᠤ ᠶᠢ ᠰᠡᠷᠭᠡᠶᠢᠯᠡᠬᠦ︾ ᠠᠵᠢᠯ ᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠪᠠ᠃ ᠤᠰᠤᠨ ᠳᠤ ᠤᠨᠠᠬᠤ ᠶᠢ

ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠰᠤᠨ ᠳᠤ ᠤᠨᠠᠬᠤ ᠶᠢ ᠰᠡᠷᠭᠡᠶᠢᠯᠡᠬᠦ

ᠠᠵᠢᠯ ᠤᠨ ᠲᠥᠰᠦᠯ ᠢ ᠲᠣᠭᠲᠠᠭᠠᠵᠤ᠂ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ

ᠬᠤᠷᠠᠯᠳᠤᠭᠠᠨ ᠢ ᠬᠤᠷᠠᠯᠳᠤᠭᠤᠯᠪᠠ᠃ LED ᠳᠡᠯᠭᠡᠴᠡ ᠶᠢ ᠠᠰᠢᠭᠯᠠᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ

ᠲᠦᠪᠰᠢᠨ ᠤ ᠮᠡᠳᠡᠯᠭᠡ ᠶᠢ ᠡᠭᠡᠯᠵᠢᠯᠡᠨ ᠨᠡᠪᠲᠡᠷᠡᠭᠦᠯᠵᠦ᠂ ᠰᠤᠷᠤᠭᠴᠢᠳ ᠤᠨ ᠳᠤᠮᠲᠠ ᠤᠰᠤᠨ ᠳᠤ ᠤᠨᠠᠬᠤ ᠶᠢ

ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠤᠰᠤᠨ ᠳᠤ ᠤᠨᠠᠬᠤ ᠶᠢ

ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠰᠡᠳᠬᠢᠯ ᠳᠤ ᠪᠠᠨ ᠪᠠᠲᠤ ᠴᠡᠭᠡᠵᠢᠯᠡᠵᠦ᠂ ᠤᠰᠤᠨ ᠳᠤ ᠤᠨᠠᠬᠤ ᠶᠢ

ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃ ᠡᠯ᠎ᠡ

ᠠᠩᠭᠢ ᠶᠢᠨ ᠬᠢᠨ ᠭᠤᠣᠯ ᠰᠡᠳᠦᠪᠲᠦ ᠠᠩᠭᠢ ᠶᠢᠨ ᠬᠤᠷᠠᠯ ᠢᠶᠠᠷ ᠳᠠᠮᠵᠢᠨ᠂ ᠰᠤᠷᠤᠭᠴᠢᠳ ᠤᠨ ᠤᠰᠤᠨ ᠳᠤ

ᠤᠨᠠᠬᠤ ᠶᠢ ᠬᠡᠷᠬᠢᠨ ᠰᠡᠷᠭᠡᠶᠢᠯᠡᠬᠦ ᠲᠤᠬᠠᠢ ᠬᠥᠮᠦᠵᠢᠯ ᠬᠢᠵᠦ᠂ ᠤᠰᠤᠨ ᠳᠤ ᠤᠨᠠᠭᠰᠠᠨ ᠦᠶᠡᠰ ᠥᠪᠡᠷ ᠢ ᠪᠠᠨ

ᠠᠪᠤᠷᠠᠬᠤ ᠪᠠ ᠪᠤᠰᠤᠳ ᠢ ᠠᠪᠤᠷᠠᠬᠤ ᠠᠷᠭ᠎ᠠ ᠶᠢ ᠵᠢᠭᠠᠵᠤ᠂ ᠰᠤᠷᠤᠭᠴᠢᠳ ᠤᠨ ᠥᠪᠡᠷ ᠢᠶᠠᠨ ᠰᠡᠷᠭᠡᠶᠢᠯᠡᠵᠦ

ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠤᠰᠤᠨ ᠳᠤ ᠤᠨᠠᠬᠤ ᠶᠢ ᠰᠡᠷᠭᠡᠶᠢᠯᠡᠬᠦ

︽ᠵᠢᠷᠭᠤᠭᠠᠨ ᠪᠣᠯᠬᠤ ᠦᠭᠡᠢ︾ ᠶᠢᠨ ᠠᠭᠤᠯᠭ᠎ᠠ ᠶᠢ ᠰᠤᠷᠤᠯᠴᠠᠵᠤ᠂ ᠤᠰᠤᠨ ᠳᠤ ᠤᠨᠠᠬᠤ ᠶᠢ ᠰᠡᠷᠭᠡᠶᠢᠯᠡᠬᠦ ᠨᠢ ᠲᠠᠶᠢᠱᠠᠨ

ᠠᠭᠤᠯᠠᠨ ᠠᠴᠠ ᠬᠦᠨᠳᠦ ᠭᠡᠳᠡᠭ ᠢ ᠴᠠᠭ ᠢᠮᠠᠭᠲᠠ ᠴᠡᠭᠡᠵᠢᠯᠡᠪᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ

ᠲᠦᠪᠰᠢᠨ ᠤ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠦᠢᠯᠡᠳᠦᠯᠴᠡᠬᠦ ᠦᠵᠡᠭᠦᠯᠭᠡ᠂

ᠠᠬᠤᠢ ᠲᠠᠯᠠᠪᠠᠶ ᠶᠢᠨ ᠳᠠᠭᠤᠷᠢᠶᠠᠮᠠᠯ᠂ ᠸᠢᠳᠢᠤ᠋ ᠺᠠᠷᠲ᠋ᠣᠨ ᠵᠡᠷᠭᠡ ᠰᠣᠨᠢᠷᠬᠠᠯᠲᠠᠢ ᠵᠢᠭᠠᠨ ᠰᠤᠷᠭᠠᠯᠲᠠ ᠶᠢᠨ ᠠᠷᠭ᠎ᠠ

ᠮᠠᠶ᠋ᠢᠭ ᠢᠶᠠᠷ ᠳᠠᠮᠵᠢᠭᠤᠯᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠶᠡᠷᠦ ᠶᠢᠨ ᠮᠡᠳᠡᠯᠭᠡ᠂ ᠣᠩᠭᠤᠴᠠᠨ ᠳᠤ

ᠰᠠᠭᠤᠬᠤ ᠠᠮᠤᠷ ᠲᠦᠪᠰᠢᠨ ᠤ ᠮᠡᠳᠡᠯᠭᠡ ᠪᠠ ᠤᠰᠤᠨ ᠳᠤ ᠤᠨᠠᠬᠤ ᠶᠢ ᠰᠡᠷᠭᠡᠶᠢᠯᠡᠬᠦ ᠮᠡᠳᠡᠯᠭᠡ ᠵᠡᠷᠭᠡ ᠭᠤᠷᠪᠠᠨ

ᠲᠠᠯ᠎ᠠ ᠠᠴᠠ ᠲᠠᠶᠢᠯᠤᠮᠵᠢ ᠬᠢᠵᠦ᠂ ᠰᠤᠷᠤᠭᠴᠢᠳ ᠤᠨ ᠣᠩᠭᠤᠴᠠᠨ ᠳᠤ ᠰᠠᠭᠤᠬᠤ ᠤᠬᠠᠮᠰᠠᠷ ᠪᠠ ᠤᠰᠤᠨ ᠳᠡᠭᠡᠷᠡᠬᠢ

ᠠᠮᠤᠷ ᠲᠦᠪᠰᠢᠨ ᠤ ᠮᠡᠳᠡᠯᠭᠡ ᠵᠢᠴᠢ ᠥᠪᠡᠷ ᠢ ᠪᠠᠨ ᠠᠪᠤᠷᠠᠬᠤ ᠪᠠ ᠪᠤᠰᠤᠳ ᠢ ᠠᠪᠤᠷᠠᠬᠤ ᠤᠷ᠎ᠠ ᠴᠢᠳᠠᠪᠤᠷᠢ ᠶᠢ

ᠪᠦᠲᠦᠮᠵᠢᠲᠡᠶ ᠳᠡᠭᠡᠭᠰᠢᠯᠡᠭᠦᠯᠪᠡ᠃

                 ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号