ᠬᠤᠸᠠᠩ ᠶᠠ ᠯᠢ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/11
     8 ᠰᠠᠷ᠎ᠠ ᠶᠢᠨ 5 — 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠨᠡᠷ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃

     ᠬᠠᠶᠢᠯᠠᠷ ᠲᠣᠭᠤᠷᠢᠭ ᠤᠨ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ᠂ ᠬᠥᠯᠥᠨ ᠪᠤᠶᠢᠷ ᠬᠤᠳᠠ ᠶᠢᠨ

ᠲᠥᠪ ᠬᠤᠳᠠ ᠶᠢᠨ ᠰᠢᠨ᠎ᠡ ᠲᠣᠭᠤᠷᠢᠭ ᠤᠨ ᠰᠢᠨ ᠬᠠᠢ ᠳᠤᠮᠳᠠᠳᠤ ᠰᠤᠷᠭᠠᠭᠤᠯᠢ᠂ ᠬᠠᠶᠢᠯᠠᠷ ᠤᠨ ᠬᠤᠶᠠᠳᠤᠭᠠᠷ

ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠳᠤ ᠬᠤᠸᠠᠩ ᠶᠠ ᠯᠢ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ

ᠪᠠᠶᠢᠭ᠎ᠠ ᠪᠠᠶᠢᠳᠠᠯ ᠪᠣᠯᠤᠨ ᠰᠤᠷᠤᠭᠴᠢᠳ ᠤᠨ ᠤᠢᠢᠷ᠎ᠠ ᠬᠠᠪᠢ ᠳᠤ ᠪᠠᠨ ᠰᠤᠷᠭᠠᠭᠤᠯᠢ ᠳᠤ ᠣᠷᠣᠬᠤ᠂ ︽ᠬᠤᠶᠠᠷ ᠢ

ᠬᠥᠩᠭᠡᠷᠡᠭᠦᠯᠬᠦ︾᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠵᠡᠷᠭᠡ ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ

ᠪᠣᠯᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ︔

ᠬᠥᠯᠥᠨ ᠪᠤᠶᠢᠷ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠲᠥᠪ ᠲᠤ ᠬᠤᠸᠠᠩ ᠶᠠ ᠯᠢ ᠪᠠᠭᠰᠢ ᠨᠠᠷ ᠲᠠᠢ

ᠰᠠᠨᠠᠯ ᠢᠶᠠᠨ ᠭᠦᠨᠵᠡᠭᠡᠶ ᠰᠣᠯᠢᠯᠴᠠᠵᠤ᠂ ᠰᠤᠷᠤᠭᠴᠢᠳ ᠤᠨ ᠰᠤᠷᠤᠯᠭ᠎ᠠ ᠠᠮᠢᠳᠤᠷᠠᠯ ᠪᠠ ᠠᠭᠤᠰᠤᠯᠴᠠᠭᠰᠠᠨ ᠰᠤᠷᠭᠠᠨ

ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠰᠠᠨ ᠪᠥᠭᠡᠳ ᠰᠤᠷᠭᠠᠭᠤᠯᠢ ᠶᠢᠨ ᠵᠡᠮᠳᠡᠭ ᠬᠡᠦᠬᠡᠳ

ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ

ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠶᠢ ᠦᠨᠡᠨ ᠬᠦ ᠠᠬᠢᠭᠤᠯᠤᠭᠰᠠᠨ ᠰᠤᠷᠭᠠᠭᠤᠯᠢ ᠡᠷᠭᠢᠯᠡᠬᠦ ᠣᠨᠴᠠᠯᠢᠭ ᠢ

ᠨᠤᠲᠠᠯᠠᠪᠠ᠃ ᠬᠤᠸᠠᠩ ᠶᠠ ᠯᠢ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ︽ᠲᠠᠪᠤᠨ ᠬᠥᠮᠦᠵᠢᠯ ᠢ

ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠰᠤᠷᠭᠠᠭᠤᠯᠢ ᠶᠢᠨ ᠣᠷᠣᠨ ᠪᠦᠰᠡ ᠶᠢᠨ ᠠᠰᠢᠭᠯᠠᠯᠲᠠ ᠶᠢ ᠤᠯᠠᠮ ᠨᠢᠭᠡ

ᠠᠯᠬᠤᠮ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ

ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

     ᠬᠥᠯᠥᠨ ᠪᠤᠶᠢᠷ ᠳᠡᠭᠡᠳᠦ ᠰᠤᠷᠭᠠᠭᠤᠯᠢ ᠪᠣᠯᠤᠨ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠳᠤ᠂ ᠬᠤᠸᠠᠩ ᠶᠠ ᠯᠢ ᠠᠵᠤ ᠦᠢᠯᠡᠳᠪᠦᠷᠢ ᠶᠢᠨ ᠮᠠᠰᠢᠨ ᠬᠥᠮᠦᠨ ᠭᠠᠩᠨᠠᠬᠤ ᠳᠠᠳᠤᠯᠭ᠎ᠠ

ᠪᠣᠯᠪᠠᠰᠤᠷᠠᠯ ᠤᠨ ᠠᠵᠢᠯ ᠤᠨ ᠦᠷᠳᠡᠭᠡ᠂ ᠠᠦ᠋ᠲ᠋ᠣᠴᠢᠯᠠᠭᠰᠠᠨ ᠵᠢᠷᠤᠭ ᠲᠥᠯᠥᠪᠯᠡᠭᠡ ᠶᠢᠨ ᠲᠡᠷᠢᠭᠦᠨ ᠤ

ᠦᠢᠯᠡᠳᠪᠦᠷᠢᠯᠡᠯ ᠤᠨ ᠱᠤᠭᠤᠮ ᠤᠨ ᠲᠤᠷᠰᠢᠯᠲᠠ ᠶᠢᠨ ᠲᠠᠰᠤᠬ᠂ ᠰᠢᠳᠤ ᠶᠢ ᠡᠷᠡᠭᠦᠯᠵᠢᠭᠦᠯᠬᠦ ᠠᠮᠠᠨ ᠬᠥᠨᠳᠡᠢ ᠶᠢᠨ

ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠳᠠᠳᠤᠯᠭ᠎ᠠ

ᠪᠣᠯᠪᠠᠰᠤᠷᠠᠯ ᠤᠨ ᠰᠠᠭᠤᠷᠢᠨ ᠵᠡᠷᠭᠡ ᠪᠠᠶᠢᠷᠢ ᠲᠠᠯᠠᠪᠤᠷ ᠲᠤ ᠬᠦᠷᠴᠦ᠂ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ

ᠬᠥᠭᠵᠢᠯᠲᠡ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠰᠤᠷᠤᠭᠴᠢᠳ ᠤᠨ ᠠᠵᠢᠯ ᠣᠯᠭᠤᠯᠲᠠ

ᠵᠡᠷᠭᠡ ᠠᠵᠢᠯ ᠢ ᠨᠠᠷᠢᠨ ᠣᠶᠢᠯᠠᠭᠠᠪᠠ᠃ ᠬᠤᠸᠠᠩ ᠶᠠ ᠯᠢ᠂ ᠡᠯ᠎ᠡ ᠳᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ

ᠡᠷᠭᠢᠯᠡᠬᠦ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠷᠣᠨ ᠨᠤᠲᠤᠭ ᠤᠨ

ᠭᠤᠣᠯᠳᠠᠯᠭᠠᠲᠠᠢ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂

ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠣᠷᠣᠨ

ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠬᠦᠴᠦᠲᠡᠶ ᠴᠢᠳᠠᠪᠤᠷᠢᠲᠠᠨ ᠪᠠ ᠣᠶᠤᠨ ᠤ

ᠲᠤᠯᠭᠠᠭᠤᠷᠢᠯᠠᠯ ᠢ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃

     ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠶᠤᠸᠠᠢ ᠳ᠋ᠦᠩ ᠨᠡᠷ ᠪᠠᠶᠢᠴᠠᠭᠠᠨ

ᠰᠤᠳᠤᠯᠤᠯᠲᠠ ᠳᠤ ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号