ᠥᠪᠡᠷᠲᠡᠭᠡᠨ ᠵᠠᠰᠠᠬᠤ ᠣᠷᠣᠨ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/18
     8 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠭᠤᠤᠯᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠬᠤᠯᠪᠤᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

     ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ

ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠪᠣᠯᠤᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ

ᠵᠡᠷᠭᠡ ᠶᠢᠨ ᠡᠯ᠎ᠡ ᠵᠦᠢᠯ ᠤᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠣᠳᠣᠬᠠᠨ ᠳᠤ᠂

ᠥᠪᠡᠷᠲᠡᠭᠡᠨ ᠵᠠᠰᠠᠬᠤ ᠣᠷᠣᠨ ᠨᠢᠭᠡᠨᠲᠡ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠤᠷᠭᠠᠭᠤᠯᠢ᠂

ᠨᠡᠶᠢᠭᠡᠮ ᠤᠨ ᠬᠢᠨ ᠢᠳᠡᠪᠬᠢᠲᠡᠶ ᠣᠷᠣᠯᠴᠠᠭᠰᠠᠨ ᠨᠡᠯᠢᠶᠡᠳ ᠪᠦᠷᠢᠨ ᠲᠡᠭᠦᠯᠳᠡᠷ ᠰᠣᠷᠣᠭᠴᠢ ᠶᠢ ᠲᠡᠳᠬᠦᠨ ᠲᠤᠰᠠᠯᠠᠬᠤ

ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠣᠷᠣᠭᠴᠢ ᠶᠢ ᠲᠡᠳᠬᠦᠨ ᠲᠤᠰᠠᠯᠠᠬᠤ

ᠲᠠᠯ᠎ᠠ ᠪᠠᠷ ᠪᠥᠬᠦ ᠰᠤᠷᠤᠯᠭ᠎ᠠ ᠶᠢᠨ ᠱᠠᠲᠤ ᠶᠢ ᠪᠦᠷᠢᠨ ᠪᠥᠷᠬᠦᠭᠦᠯᠬᠦ᠂ ᠠᠯᠪᠠᠨ ᠠᠴᠠ ᠡᠷᠭᠢᠯᠡᠭᠰᠡᠨ ᠪᠠ ᠠᠷᠠᠳ ᠠᠴᠠ

ᠡᠷᠭᠢᠯᠡᠭᠰᠡᠨ ᠰᠤᠷᠭᠠᠭᠤᠯᠢ ᠶᠢ ᠪᠦᠷᠢᠨ ᠪᠥᠷᠬᠦᠭᠦᠯᠬᠦ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ

ᠰᠣᠷᠣᠭᠴᠢ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠪᠡ᠃

     ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ

ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠡᠨᠡ ᠵᠢᠯ ᠤᠨ 7 ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ

ᠣᠷᠣᠨ ᠠᠴᠠ ᠨᠢᠭᠡᠨᠲᠡ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠪᠠᠯᠠ ᠮᠥᠩᠭᠦ ᠶᠢ 39 . 5

ᠳ᠋ᠦᠩᠰᠢᠭᠤᠷ ᠲᠥᠭᠦᠷᠢᠭ ᠪᠠᠭᠤᠯᠭᠠᠵᠤ᠂ ᠡᠯ᠎ᠡ ᠲᠥᠷᠥᠯ ᠤᠨ ᠰᠣᠷᠣᠭᠴᠢ ᠳᠤ 461 ᠲᠦᠮᠡᠨ ᠬᠥᠮᠦᠨ ᠤᠳᠠᠭ᠎ᠠ

ᠠᠰᠢᠭ ᠬᠦᠷᠲᠡᠭᠡᠪᠡ᠃

     ᠬᠤᠯᠪᠤᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ︽ᠥᠪᠡᠷᠲᠡᠭᠡᠨ ᠵᠠᠰᠠᠬᠤ ᠣᠷᠣᠨ ᠤ

ᠰᠣᠷᠣᠭᠴᠢ ᠶᠢ ᠳᠡᠳᠬᠦᠨ ᠲᠤᠰᠠᠯᠠᠬᠤ ᠠᠵᠢᠯ ᠤᠨ ᠶᠠᠪᠤᠴᠠ ᠳᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ

ᠰᠢᠪᠲᠤᠯᠬᠤ ᠦᠷ᠎ᠡ ᠪᠥᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ

ᠵᠣᠯᠭᠠᠭᠤᠯᠬᠤ ᠶᠢ ᠶᠠᠭᠠᠬᠢᠵᠤ ᠨᠠᠶᠢᠳᠠᠪᠤᠷᠢᠵᠢᠭᠤᠯᠤᠨ ᠪᠠᠬᠢᠵᠢᠭᠦᠯᠬᠦ︾᠂ ︽ᠥᠪᠡᠷᠲᠡᠭᠡᠨ ᠵᠠᠰᠠᠬᠤ ᠣᠷᠣᠨ ᠤ

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ

ᠬᠦᠷᠲᠡᠯ᠎ᠡ ᠪᠦᠬᠦᠨ ᠢ ᠪᠥᠷᠬᠦᠭᠦᠯᠦᠭᠰᠡᠨ ᠰᠣᠷᠣᠭᠴᠢ ᠶᠢ ᠳᠡᠳᠬᠦᠨ ᠲᠤᠰᠠᠯᠠᠬᠤ ᠳᠣᠭᠲᠠᠯᠴᠠᠭᠠᠨ ᠳᠤ ᠴᠢᠭᠯᠡᠭᠦᠯᠦᠨ᠂

ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢᠨ ᠪᠠᠲᠤᠯᠠᠭᠠᠨ ᠤ ᠲᠠᠯ᠎ᠠ ᠪᠠᠷ ᠶᠠᠮᠠᠷ‌‍ᠷ ᠠᠷᠭ᠎ᠠ ᠬᠡᠮᠵᠢᠶ᠎ᠡ ᠶᠢ

ᠠᠪᠤᠭᠰᠠᠨ ᠪᠣᠶ︾᠂ ︽ᠰᠣᠷᠣᠭᠴᠢ ᠶᠢ ᠳᠡᠳᠬᠦᠨ ᠲᠤᠰᠠᠯᠠᠬᠤ ᠠᠵᠢᠯ ᠤᠨ ᠶᠠᠪᠤᠴᠠ ᠳᠤ ᠶᠠᠭᠠᠬᠢᠵᠤ ᠨᠠᠷᠢᠯᠢᠭ

ᠣᠨᠣᠴᠠᠲᠠᠢ ᠪᠠᠷ ᠳᠡᠳᠬᠦᠨ ᠲᠤᠰᠠᠯᠠᠬᠤ ᠪᠣᠶ︾᠂ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ

ᠰᠣᠷᠣᠭᠴᠢ ᠶᠢ ᠨᠠᠷᠢᠯᠢᠭ ᠣᠨᠣᠴᠠᠲᠠᠢ ᠪᠠᠷ ᠳᠡᠳᠬᠦᠨ ᠲᠤᠰᠠᠯᠠᠬᠤ ᠪᠠ ᠳᠡᠳᠬᠦᠨ ᠲᠤᠰᠠᠯᠠᠵᠤ ᠬᠥᠮᠦᠨ ᠢ

ᠬᠥᠮᠦᠵᠢᠭᠦᠯᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︾ ᠭᠡᠬᠦ ᠵᠡᠷᠭᠡ ᠠᠰᠠᠭᠤᠳᠠᠯ ᠤᠨ ᠲᠣᠭᠤᠷᠢᠨ ᠳᠤ

ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

     ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠬᠤ ᠰᠠᠯᠠᠭ᠎ᠠ ᠮᠥᠴᠢᠷ ᠤᠨ ᠬᠢᠨ

ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ

ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠰᠣᠷᠣᠭᠴᠢ ᠶᠢ ᠴᠤ ᠬᠡᠷ ᠪᠦᠯᠢ ᠶᠢᠨ ᠠᠵᠤ

ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ︾ ᠪᠠᠷ ᠬᠠᠷᠠᠯᠲᠠ ᠪᠣᠯᠭᠠᠵᠤ᠂ ᠬᠡᠷ

ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ

ᠳᠣᠭᠲᠠᠯᠴᠠᠭ᠎ᠠ ᠶᠢ ᠲᠠᠰᠤᠷᠠᠯᠲᠠ ᠥᠬᠡᠶ ᠪᠥᠷᠢᠨ ᠭᠦᠢᠴᠡᠳ ᠲᠡᠭᠦᠯᠳᠡᠷᠵᠢᠭᠦᠯᠦᠨ᠎ᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号