ᠳᠡᠯᠡᠬᠡᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ ᠰᠦᠨ ᠴᠦᠨ ᠯᠠᠨ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠸᠢᠳᠢᠣ᠋ ᠪᠠᠷ ᠪᠠᠶᠠᠷ ᠤᠨ ᠦᠭᠡ ᠳᠡᠪᠰᠢᠭᠦᠯᠪᠡ
ᠨᠡᠶᠢᠲᠡᠯᠡᠭᠰᠡᠨ ᠴᠠᠭ᠄
2022/8/22
     ᠰᠢᠨᠬᠤᠸᠠ ᠬᠤᠷᠢᠶᠠᠨ ᠤ ᠲᠢᠶᠠᠨᠵᠢᠨ ᠤ 8 ᠰᠠᠷ᠎ᠠ ᠶᠢᠨ 19 ᠤ ᠴᠠᠬᠢᠯᠭᠠᠨ ᠮᠡᠳᠡᠭᠡ  ᠳᠡᠯᠡᠬᠡᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ 19 ᠤ ᠡᠳᠦᠷ ᠲᠢᠶᠠᠨᠵᠢᠨ ᠳᠤ ᠡᠬᠢᠯᠡᠪᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠸᠢᠳᠢᠣ᠋ ᠪᠠᠷ ᠪᠠᠶᠠᠷ ᠤᠨ ᠦᠭᠡ ᠳᠡᠪᠰᠢᠭᠦᠯᠪᠡ᠃      ᠰᠦᠨ ᠴᠦᠨ ᠯᠠᠨ᠂ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠵᠠᠬᠢᠳᠠᠯ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠲᠡᠭᠡᠯ ᠵᠣᠷᠢᠭ ᠪᠠ ᠬᠥᠳᠡᠯᠭᠡᠬᠦ ᠬᠦᠴᠦᠨ ᠢ ᠨᠡᠮᠡᠷᠢᠯᠡᠪᠡ᠃ ᠳᠤᠮᠳᠠᠳᠤ ᠤᠯᠤᠰ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠥᠭᠡᠳ ᠪᠠᠰᠠ ᠠᠳᠠᠯᠢ ᠪᠤᠰᠤ ᠰᠤᠷᠤᠭᠴᠢᠳ ᠤᠨ ᠦᠰᠦᠨ ᠪᠤᠶᠢᠵᠢᠯᠲᠠ ᠶᠢᠨ ᠬᠡᠷᠡᠭᠴᠡᠭᠡ ᠶᠢ ᠬᠠᠩᠭᠠᠵᠤ᠂ ᠠᠵᠢᠯ ᠮᠡᠷᠭᠡᠵᠢᠯ ᠤᠨ ᠬᠥᠭᠵᠢᠯᠲᠡ ᠶᠢᠨ ᠢᠷᠡᠭᠡᠳᠦᠶ ᠶᠢ ᠥᠷᠭᠡᠳᠬᠡᠵᠦ᠂ ᠬᠥᠮᠦᠨ ᠨᠢᠭᠡ ᠪᠦᠷᠢ ᠳᠤ ᠠᠮᠢᠳᠤᠷᠠᠬᠤᠢ ᠶᠢᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠬᠢᠶᠠᠯ ᠶᠢ ᠣᠯᠭᠤᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠤᠯᠠᠨ ᠲᠡᠰ ᠳᠠᠪᠬᠤᠷᠭ᠎ᠠ ᠶᠢᠨ᠂ ᠥᠷᠭᠡᠨ ᠬᠦᠷᠢᠶᠡᠨ ᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠬᠥᠭᠵᠢᠵᠦ ᠪᠠᠶᠢᠭ᠎ᠠ ᠤᠯᠤᠰ ᠣᠨᠴᠠᠭᠠᠶᠢᠯᠠᠨ ᠠᠹᠷᠢᠺᠠ ᠲᠢᠪ ᠤᠨ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳᠡᠯᠡᠬᠡᠶ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠨᠢ ᠪᠥᠬᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠡᠰ ᠤᠨ ᠶᠠᠷᠢᠯᠴᠠᠭᠠᠨ ᠤ ᠬᠤᠷᠠᠯ ᠤᠨ ᠦᠷ᠎ᠡ ᠪᠦᠲᠦᠭᠡᠯ ᠤᠨ ᠨᠠᠷᠢᠨ ᠲᠠᠩᠰᠠ ᠶᠢᠨ ᠴᠢᠬᠤᠯᠠ ᠠᠭᠤᠯᠭ᠎ᠠ ᠪᠣᠯᠤᠨ᠎ᠠ᠂ ᠡᠨᠡ ᠤᠳᠠᠭᠠᠨ ᠤ ᠶᠡᠭᠡ ᠬᠤᠷᠠᠯ ᠨᠢ ︽ᠬᠢᠵᠢᠭ ᠤᠨ ᠳᠠᠷᠠᠭᠠᠬᠢ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ᠄ ᠰᠢᠨ᠎ᠡ ᠬᠤᠪᠢᠷᠠᠯᠲᠠ᠂ ᠰᠢᠨ᠎ᠡ ᠠᠷᠭ᠎ᠠ ᠬᠡᠯᠪᠡᠷᠢ᠂ ᠰᠢᠨ᠎ᠡ ᠤᠷ᠎ᠠ ᠴᠢᠳᠠᠪᠤᠷᠢ︾ ᠪᠠᠷ ᠭᠤᠤᠯ ᠰᠡᠳᠦᠪ ᠪᠣᠯᠭᠠᠵᠤ᠂ ᠬᠤᠯᠪᠤᠭᠳᠠᠬᠤ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠡᠯ᠎ᠡ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠰᠠᠶᠢᠳ᠂ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠵᠡᠷᠭᠡ ᠰᠦᠯᠵᠢᠶᠡᠨ ᠳᠤ ᠪᠠ ᠰᠦᠯᠵᠢᠶᠡᠨ ᠭᠠᠳᠠᠨ᠎ᠠ ᠰᠠᠨᠠᠯ ᠢᠶᠠᠨ ᠭᠦᠨᠵᠡᠭᠡᠶ ᠰᠣᠯᠢᠯᠴᠠᠵᠤ ᠰᠤᠳᠤᠯᠤᠨ ᠶᠠᠷᠢᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号