ᠥᠪᠥᠷ ᠮᠣᠩᠭᠤᠯ ᠤᠨ ᠬᠤᠪᠢᠰᠬᠠᠯᠲᠤ ᠰᠤᠳᠤᠯᠤᠨ ᠰᠤᠷᠤᠯᠴᠠᠬᠤ ᠰᠢᠯᠢᠳᠡᠭ ᠬᠢᠴᠢᠶᠡᠯ ᠬᠠᠳᠤᠨ ᠭᠤᠤᠯ ᠤᠨ ᠰᠠᠪᠠ ᠭᠠᠵᠠᠷ ᠤᠨ ᠰᠤᠳᠤᠯᠤᠨ ᠰᠤᠷᠤᠯᠴᠠᠬᠤ ᠬᠤᠯᠪᠤᠭᠠᠨ ᠤ 2022 ᠣᠨ ᠤ ᠴᠢᠤᠸᠠᠨ ᠴᠧᠩ ᠳᠠᠬᠢ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠴᠤᠭ ᠵᠢᠪᠬᠤᠭ᠎ᠠ ᠪᠠᠨ ᠪᠠᠳᠠᠷᠠᠭᠤᠯᠪᠠ
ᠨᠡᠶᠢᠲᠡᠯᠡᠭᠰᠡᠨ ᠴᠠᠭ᠄
2022/8/23
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠪᠠᠳᠠᠷᠠᠭᠤᠯᠬᠤ ᠳᠤ ᠦᠵᠡᠭᠦᠯᠬᠦ ᠰᠤᠷᠭᠠᠨ ᠬᠥᠮᠦᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠦᠷᠦᠭᠦᠬᠡᠨ ︽ᠬᠠᠲᠤᠨ ᠭᠤᠤᠯ ᠤᠨ ᠰᠠᠪᠠ ᠭᠠᠵᠠᠷ ᠤᠨ ᠰᠤᠳᠤᠯᠤᠨ ᠰᠤᠷᠤᠯᠴᠠᠬᠤ ᠬᠤᠯᠪᠤᠭᠠᠨ ᠤ 2022 ᠣᠨ ᠤ ᠴᠢᠤᠸᠠᠨ ᠴᠧᠩ ᠳᠠᠬᠢ ᠲᠦᠷᠦᠭᠦᠴᠦᠳ ᠤᠨ ᠶᠠᠷᠢᠶᠠᠨ ᠤ ᠲᠠᠪᠴᠠᠩ︾ ᠵᠢᠨᠠᠨ ᠳᠤ ᠬᠤᠷᠠᠯᠳᠤᠪᠠ᠃ ᠲᠣᠰ ᠡᠳᠦᠷ᠂ ︽ᠬᠠᠲᠤᠨ ᠭᠤᠤᠯ ᠳᠠᠭᠠᠤ ᠶᠢᠨ ᠶᠢᠰᠦᠨ ᠮᠤᠵᠢ ᠶᠢᠨ ᠬᠤᠯᠪᠤᠭᠳᠠᠬᠤ ᠬᠠᠷᠢᠭᠤᠴᠠᠯᠭᠠᠲᠠᠨ ᠬᠠᠲᠤᠨ ᠭᠤᠤᠯ ᠤᠨ ᠰᠠᠪᠠ ᠭᠠᠵᠠᠷ ᠤᠨ ᠰᠤᠳᠤᠯᠤᠨ ᠰᠤᠷᠤᠯᠴᠠᠬᠤ ᠬᠡᠷᠡᠭᠵᠢᠭᠦᠯᠦᠯᠲᠡ ᠪᠠ ᠥᠷᠲᠡᠭ ᠢ ᠰᠣᠳᠤᠯᠵᠤ ᠰᠣᠯᠢᠯᠴᠠᠬᠤ ᠪᠠ ᠬᠠᠮᠲᠤ ᠪᠠᠷ ᠬᠤᠪᠢᠶᠠᠯᠴᠠᠨ ᠡᠳ᠋ᠯᠡᠬᠦ︾ ᠳᠤᠭᠤᠷᠠᠭ ᠰᠢᠷᠡᠭᠡᠨ ᠤ ᠬᠤᠷᠠᠯ ᠵᠢᠩᠬᠢᠨᠢ ᠪᠠᠷ ᠡᠬᠢᠯᠡᠪᠡ᠃ ᠠᠵᠢᠯᠯᠠᠭ᠎ᠠ ᠨᠢ ᠬᠠᠲᠤᠨ ᠭᠤᠤᠯ ᠤᠨ ᠶᠢᠰᠦᠨ ᠮᠤᠵᠢ ︵ᠣᠷᠣᠨ︶ ᠶᠢᠨ ᠬᠤᠯᠪᠤᠭᠳᠠᠬᠤ ᠬᠠᠷᠢᠭᠤᠴᠠᠯᠭᠠᠲᠠᠨ ᠢ ᠳᠤᠭᠤᠷᠠᠭ ᠰᠢᠷᠡᠭᠡᠨ ᠳᠤ ᠣᠨᠴᠠᠭᠠᠶᠢᠯᠠᠨ ᠤᠷᠢᠵᠤ᠂ ᠬᠠᠲᠤᠨ ᠭᠤᠤᠯ ᠤᠨ ᠰᠠᠪᠠ ᠭᠠᠵᠠᠷ ᠤᠨ ᠰᠤᠳᠤᠯᠤᠨ ᠰᠤᠷᠤᠯᠴᠠᠬᠤ ᠦᠢᠯᠡᠳᠦᠯᠭᠡ ᠪᠠ ᠲᠤᠷᠰᠢᠯᠭ᠎ᠠ ᠶᠢᠨ ᠲᠤᠬᠠᠶ ᠰᠣᠯᠢᠯᠴᠠᠨ ᠰᠤᠷᠤᠯᠴᠠᠵᠤ᠂ ᠬᠠᠲᠤᠨ ᠭᠤᠤᠯ ᠤᠨ ᠰᠠᠪᠠ ᠭᠠᠵᠠᠷ ᠤᠨ ᠰᠤᠳᠤᠯᠤᠨ ᠰᠤᠷᠤᠯᠴᠠᠬᠤ ᠦᠨ᠎ᠡ ᠥᠷᠲᠡᠭ ᠢ ᠭᠦᠨᠵᠡᠭᠡᠶ ᠢᠯᠡᠷᠡᠭᠦᠯᠵᠦ᠂ ᠶᠠᠷᠢᠯᠴᠠᠭᠠᠨ ᠤ ᠬᠡᠯᠪᠡᠷᠢ ᠪᠠᠷ ᠬᠥᠭᠵᠢᠯᠲᠡ ᠶᠢᠨ ᠰᠢᠨ᠎ᠡ ᠰᠡᠳᠬᠢᠮᠵᠢ ᠶᠢ ᠬᠠᠮᠲᠤ ᠪᠠᠷ ᠰᠤᠳᠤᠯᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠷᠠᠯ ᠳᠤ ᠣᠷᠣᠯᠴᠠᠭᠰᠠᠨ ᠪᠥᠭᠡᠳ ᠭᠤᠤᠯ ᠵᠤᠷᠢᠯᠳᠠᠳᠤ ᠢᠯᠡᠳᠬᠡᠯ ᠬᠢᠵᠡᠶ᠃

     ᠬᠤᠷᠠᠯ ᠤᠨ ᠵᠡᠷᠭᠡᠴᠡᠭᠡ ᠶᠠᠷᠢᠶᠠᠨ ᠤ ᠲᠠᠪᠴᠠᠩ ᠤᠨ ᠭᠤᠭᠴᠤᠭ᠎ᠠ ᠳᠤ ᠮᠠᠨ ᠤ ᠣᠷᠣᠨ ᠤ ᠤᠳᠤᠭ ᠤᠨ

ᠡᠮᠦᠨᠡᠲᠦ ᠬᠤᠰᠢᠭᠤᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠥᠪ ᠠᠴᠠ

ᠠᠪᠴᠢᠷᠠᠭᠰᠠᠨ ᠬᠤᠪᠢᠰᠬᠠᠯᠲᠤ ᠰᠤᠳᠤᠯᠤᠨ ᠰᠤᠷᠤᠯᠴᠠᠬᠤ ᠬᠢᠴᠢᠶᠡᠯ ︽ᠦ᠋ ᠳ᠋ᠢᠩ ᠭᠸᠤ ᠪᠤᠯᠤᠩ ᠤᠨ ᠬᠤᠪᠢᠰᠬᠠᠯᠲᠤ

ᠳᠤᠷᠠᠰᠤᠮᠵᠢ︾ ᠰᠢᠯᠢᠳᠡᠭ ᠬᠢᠴᠢᠶᠡᠯ ᠢ ᠲᠥᠪᠯᠡᠷᠡᠭᠦᠯᠦᠨ ᠲᠠᠨᠢᠯᠴᠠᠭᠤᠯᠬᠤ ᠳᠤ ᠣᠷᠣᠯᠴᠠᠵᠤ᠂ ᠳᠤᠮᠳᠠᠳᠤ ᠤᠯᠤᠰ ᠤᠨ

ᠬᠤᠪᠢᠰᠬᠠᠯᠲᠤ ᠲᠡᠦᠬᠡ ᠶᠢᠨ ᠰᠤᠳᠤᠯᠤᠨ ᠰᠤᠷᠤᠯᠴᠠᠬᠤ ᠬᠢᠴᠢᠶᠡᠯ ᠤᠨ ᠴᠤᠭ ᠵᠢᠪᠬᠤᠭ᠎ᠠ ᠶᠢ ᠪᠠᠳᠠᠷᠠᠭᠤᠯᠪᠠ᠃

     ᠬᠤᠶᠢᠰᠢᠳᠠ᠂ ᠮᠠᠨ ᠤ ᠣᠷᠣᠨ ᠬᠠᠲᠤᠨ ᠭᠤᠤᠯ ᠳᠠᠭᠠᠤ ᠶᠢᠨ ᠴᠢᠨᠠᠷᠯᠢᠭ ᠰᠤᠳᠤᠯᠤᠨ ᠰᠤᠷᠤᠯᠴᠠᠬᠤ ᠡᠬᠢ

ᠪᠠᠶᠠᠯᠢᠭ ᠢ ᠰᠢᠯᠢᠨ ᠰᠣᠩᠭᠤᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ᠂

ᠶᠡᠷᠦᠩᠬᠡᠶᠢᠯᠡᠨ ᠬᠥᠮᠦᠨ ᠢ ᠬᠥᠮᠦᠵᠢᠭᠦᠯᠬᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠦᠨᠳᠦᠷᠴᠡ ᠠᠴᠠ

ᠰᠢᠰᠲ᠋ᠧᠮᠲᠡᠢ ᠵᠢᠷᠤᠵᠤ ᠲᠥᠯᠥᠪᠯᠡᠨ᠂ ᠨᠢᠭᠡᠳᠦᠯᠲᠡᠶ ᠲᠥᠯᠦᠪᠵᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ

ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂

ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ

ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠳᠤ ᠨᠠᠩ ᠥᠷᠭᠡᠨ ᠲᠠᠪᠴᠠᠩ ᠢ ᠪᠠᠶᠢᠭᠤᠯᠵᠤ ᠥᠭᠭᠦᠨ᠎ᠡ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号