ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ
ᠨᠡᠶᠢᠲᠡᠯᠡᠭᠰᠡᠨ ᠴᠠᠭ᠄
2022/8/23
     8 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠨ ᠪᠥᠬᠦ ᠣᠷᠣᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠡᠯ᠎ᠡ ᠭᠠᠵᠠᠷ ᠤᠨ ᠲᠤᠰᠬᠠᠭᠰᠠᠨ ᠬᠠᠤᠯᠢ ᠶᠢ ᠬᠡᠷᠡᠭᠵᠢᠭᠦᠯᠬᠦ ᠦᠢᠯᠡᠳᠦᠯᠭᠡ ᠶᠢᠨ ᠶᠠᠪᠤᠴᠠ ᠳᠤ ᠲᠤᠯᠭᠠᠷᠠᠭᠰᠠᠨ ᠭᠤᠣᠯᠳᠠᠯᠭᠠᠲᠠᠢ᠂ ᠭᠦᠴᠢᠷᠳᠡᠯᠲᠡᠢ ᠠᠰᠠᠭᠤᠳᠠᠯ ᠳᠤ ᠴᠢᠭᠯᠡᠭᠦᠯᠦᠨ ᠮᠠᠳᠠᠭ ᠢ ᠲᠠᠶᠢᠯᠤᠭᠰᠠᠨ ᠤ ᠬᠠᠮᠲᠤ ᠵᠢᠯᠣᠭᠤᠳᠬᠤ ᠴᠢᠨᠠᠷᠲᠠᠶ ᠰᠠᠨᠠᠯ ᠬᠠᠩᠭᠠᠪᠠ᠃      ᠪᠣᠯᠪᠠᠰᠤᠷᠠᠭᠤᠯᠤᠯ ᠤᠨ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠨᠡᠶᠢᠭᠡᠮᠯᠢᠭ ᠠᠴᠠ ᠲᠠᠨᠢᠯᠴᠠᠭᠤᠯᠤᠭᠰᠠᠨ᠂ ᠬᠠᠤᠯᠢ ᠴᠠᠭᠠᠵᠠ ᠶᠢᠨ  ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠠᠤᠯᠢᠴᠢ ᠵᠠᠩ ᡁᠢ ᠭᠠᠩ ᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠪᠣᠯᠪᠠᠰᠤᠷᠠᠭᠤᠯᠤᠯ ᠤᠨ ᠠᠩᠭᠢ ᠳᠤ ᠬᠠᠤᠯᠢᠴᠢ ᠵᠠᠩ ᡁᠢ ᠭᠠᠩ ᠠᠴᠠ ᠡᠮᠦᠨᠡᠬᠢ ᠬᠤᠭᠤᠴᠠᠭᠠᠨ ᠤ ᠴᠤᠭᠯᠠᠭᠤᠯᠤᠨ ᠡᠮᠬᠢᠳᠭᠡᠭᠰᠡᠨ ᠠᠰᠠᠭᠤᠳᠠᠯ ᠳᠤ ᠦᠨᠡᠨ ᠪᠣᠳᠠᠲᠠᠶ᠂ ᠪᠦᠷᠢᠨ ᠪᠦᠲᠦᠨ ᠬᠠᠷᠢᠭᠤᠯᠲᠠ ᠥᠭᠪᠡ᠃ ᠪᠣᠯᠪᠠᠰᠤᠷᠠᠭᠤᠯᠤᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠲᠣᠰ ᠲᠣᠰ ᠤᠨ ᠬᠦᠷᠢᠶ᠎ᠡ ᠴᠠᠷᠠᠭᠠᠨ ᠤ ᠬᠤᠯᠪᠤᠭᠳᠠᠬᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠪᠣᠯᠪᠠᠰᠤᠷᠠᠭᠤᠯᠤᠯ ᠤᠨ ᠬᠤᠷᠠᠯ ᠠᠴᠠ᠂ ᠡᠯ᠎ᠡ ᠭᠠᠵᠠᠷ ᠤᠨ ᠡᠯ᠎ᠡ ᠱᠠᠲᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠤᠯᠢ ᠶᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠶᠢ ᠬᠡᠷᠡᠭᠵᠢᠭᠦᠯᠬᠦ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠬᠤᠯᠪᠤᠭᠳᠠᠬᠤ ᠬᠠᠤᠯᠢ ᠴᠠᠭᠠᠵᠠ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠪᠣᠯᠪᠠᠰᠤᠷᠠᠩᠭᠤᠢ ᠡᠵᠡᠮᠰᠢᠬᠦ ᠬᠡᠷᠡᠭᠲᠡᠢ᠃ ᠠᠵᠢᠯ ᠤᠨ ᠰᠡᠳᠬᠢᠮᠵᠢ ᠪᠠᠨ ᠬᠤᠪᠢᠷᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠠᠪᠤᠴᠠ ᠳᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠬᠠᠤᠯᠢ ᠶᠢ ᠬᠡᠷᠡᠭᠵᠢᠭᠦᠯᠬᠦ ᠠᠵᠢᠯ ᠳᠠᠬᠢ ᠠᠮᠵᠢᠯᠲᠠᠲᠠᠢ ᠲᠤᠷᠰᠢᠯᠭ᠎ᠠ ᠶᠢ ᠳ᠋ᠦᠩᠨᠡᠨ ᠬᠤᠷᠠᠮᠳᠤᠭᠤᠯᠬᠤ ᠳᠤ ᠪᠠᠨ ᠴᠢᠳᠠᠮᠠᠭᠠᠶ ᠪᠠᠶᠢᠵᠤ᠂ ᠬᠠᠤᠯᠢ ᠶᠢ ᠬᠡᠷᠡᠭᠵᠢᠭᠦᠯᠬᠦ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠶ ᠲᠠᠯ᠎ᠠ ᠪᠠᠨ ᠵᠠᠳᠠᠯᠵᠤ᠂ ᠬᠠᠤᠯᠢ ᠠᠴᠠ ᠵᠥᠷᠢᠴᠡᠭᠰᠡᠨ ᠬᠥᠮᠦᠰ ᠤᠨ ᠰᠡᠳᠬᠢᠴᠡ ᠶᠢᠨ ᠪᠠᠶᠢᠳᠠᠯ ᠢ ᠡᠵᠡᠮᠰᠢᠨ᠂ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠳᠣᠲᠣᠭᠠᠳᠤ ᠳᠤ ᠪᠠᠨ ᠬᠢᠨᠠᠯᠲᠠ ᠲᠠᠯᠪᠢᠬᠤ ᠪᠠ ᠭᠠᠳᠠᠭᠰᠢ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠪᠣᠯᠪᠠᠰᠤᠷᠠᠭᠤᠯᠤᠯ ᠤᠨ ᠠᠩᠭᠢ ᠶᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠷᠭᠢᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠳᠣᠪᠴᠢᠶᠠᠨ ᠤ ᠬᠤᠪᠢᠳᠠᠨ ᠬᠠᠮᠢᠶᠠᠷᠬᠤ ᠳᠣᠪᠴᠢᠶᠠᠨ ᠤ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠠᠵᠢᠯᠲᠠᠨ ᠨᠠᠷ ᠪᠣᠯᠪᠠᠰᠤᠷᠠᠭᠤᠯᠤᠯ ᠳᠤ ᠣᠷᠣᠯᠴᠠᠪᠠ᠃ ᠡᠭᠦᠨ ᠠᠴᠠ ᠡᠮᠦᠨ᠎ᠡ ᠨᠢᠭᠡᠨᠲᠡ 2 ᠬᠤᠭᠤᠴᠠᠭᠠᠨ ᠤ ᠪᠣᠯᠪᠠᠰᠤᠷᠠᠭᠤᠯᠤᠯ ᠢ ᠡᠷᠭᠢᠯᠡᠵᠦ ᠥᠩᠭᠡᠷᠡᠪᠡ᠂ ᠪᠣᠯᠪᠠᠰᠤᠷᠠᠭᠤᠯᠤᠯ ᠳᠤ ᠣᠷᠣᠯᠴᠠᠭᠰᠠᠳ ᠪᠣᠯᠪᠠᠰᠤᠷᠠᠭᠤᠯᠤᠯ ᠢ ᠮᠠᠰᠢ ᠴᠢᠩᠭ᠎ᠠ ᠵᠢᠯᠣᠭᠤᠳᠬᠤ ᠴᠢᠨᠠᠷ᠂ ᠦᠢᠯᠡᠳᠦᠯᠭᠡᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠭᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号