ᠬᠤᠸᠠᠩ ᠶᠠ ᠯᠢ ᠪᠤᠭᠤᠲᠤ ᠬᠤᠲᠠ ᠶᠢᠨ ᠬᠡᠰᠡᠭ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2022/8/23
     8 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠨᠡᠷ ᠪᠤᠭᠤᠲᠤ ᠬᠤᠲᠠ ᠶᠢᠨ ᠬᠡᠰᠡᠭ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ

ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ᠂

ᠬᠤᠸᠠᠩ ᠶᠠ ᠯᠢ ᠤᠯᠠᠷᠢᠭᠤᠯᠬᠤ ᠠᠨᠠᠭᠠᠬᠤ ᠤᠬᠠᠭᠠᠨ ᠤ ᠲᠥᠪ ᠪᠣᠯᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ

ᠤᠷ᠎ᠠ ᠴᠢᠳᠠᠪᠤᠷᠢ ᠶᠢᠨ ᠲᠥᠪ᠂ ᠪᠢᠴᠢᠯ ᠠᠮᠢ ᠠᠬᠤᠢ ᠶᠢᠨ ᠣᠶᠤᠨᠴᠢᠯᠠᠭᠰᠠᠨ ᠪᠡᠶᠡᠴᠢᠯᠡᠨ ᠣᠶᠢᠯᠠᠭᠠᠬᠤ ᠲᠥᠪ᠂

ᠤᠶᠤᠲᠠᠳ ᠤᠨ ᠦᠢᠯᠡᠰ ᠪᠤᠰᠬᠠᠬᠤ ᠬᠦᠷᠢᠶᠡᠯᠡᠩ ᠵᠡᠷᠭᠡ ᠪᠠᠶᠢᠷᠢ ᠲᠠᠯᠠᠪᠤᠷ ᠲᠤ ᠬᠦᠷᠴᠦ᠂ ᠰᠤᠷᠭᠠᠭᠤᠯᠢ ᠶᠢᠨ

ᠤᠨᠴᠠᠯᠢᠬᠳᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠣᠯᠤᠨ ᠤᠶᠤᠲᠠᠳ ᠤᠨ ᠰᠢᠨ᠎ᠡ ᠶᠢ ᠡᠭᠦᠳᠴᠦ ᠦᠢᠯᠡᠰ

ᠪᠤᠰᠬᠠᠬᠤ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠶᠠ ᠯᠢ ᠠᠴᠠ᠂ ᠳᠡᠭᠡᠳᠦ ᠰᠤᠷᠭᠠᠭᠤᠯᠢ ᠶᠢᠨ ᠬᠢᠨ

ᠤᠯᠠᠮ ᠨᠢᠭᠡ ᠠᠯᠬᠤᠮ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠰᠤᠷᠭᠠᠭᠤᠯᠢ

ᠡᠷᠭᠢᠯᠡᠬᠦ ᠣᠨᠴᠠᠯᠢᠭ ᠢᠶᠠᠨ ᠲᠣᠪᠤᠶᠢᠯᠭᠠᠨ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂

ᠥᠪᠡᠷ ᠤᠨ ᠳᠠᠪᠠᠭᠤᠯᠢᠭ ᠢᠶᠠᠨ ᠪᠠᠳᠠᠷᠠᠭᠤᠯᠤᠨ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠪᠠᠨ

ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠂

ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠳᠤ ᠦᠨᠡᠨ ᠬᠦ ᠬᠦᠴᠦᠨ

ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃

     ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠳᠤ᠂ ᠬᠤᠸᠠᠩ ᠶᠠ ᠯᠢ ᠤᠷᠢᠳ ᠬᠤᠵᠢᠳ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ·

ᠴᠡᠯᠡᠭᠡᠷ ᠲᠠᠯ᠎ᠠ ᠣᠳᠣᠬᠢᠴᠢᠯᠠᠭᠰᠠᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠤᠨ ᠲᠥᠬᠦᠭᠡᠷᠦᠮᠵᠢ ᠶᠢᠨ

ᠴᠡᠴᠡᠷᠯᠢᠭ ᠤᠨ ᠮᠡᠷᠭᠡᠵᠢᠯ ᠤᠨ ᠰᠠᠭᠤᠷᠢᠨ᠂ ᠦᠵᠦᠮ ᠤᠨ ᠠᠷᠢᠬᠢ ᠶᠢ ᠪᠣᠯᠪᠠᠰᠤᠷᠠᠭᠤᠯᠬᠤ ᠪᠣᠳᠠᠲᠠᠢ ᠪᠣᠯᠪᠠᠰᠤᠷᠠᠯ ᠤᠨ

ᠲᠠᠰᠤᠭ ᠵᠡᠷᠭᠡ ᠶᠢ ᠪᠠᠶᠢᠴᠠᠭᠠᠨ ᠰᠣᠳᠤᠯᠤᠭᠰᠠᠨ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ

ᠪᠣᠯᠪᠠᠰᠤᠷᠠᠭᠤᠯᠤᠯ ᠤᠨ ᠲᠥᠰᠦᠯ ᠢ ᠬᠡᠷᠡᠭᠵᠢᠭᠦᠯᠬᠦ ᠠᠯᠪᠠᠨ ᠭᠡᠷ︾ ᠤᠨ ᠫᠠᠶᠢᠰᠠ ᠶᠢ ᠰᠡᠬᠦᠪᠡ᠃ ᠬᠤᠸᠠᠩ ᠶᠠ

ᠯᠢ ᠠᠴᠠ᠂ ᠳᠡᠭᠡᠳᠦ ᠰᠤᠷᠭᠠᠭᠤᠯᠢ ᠶᠢᠨ ᠬᠢᠨ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠪᠠ

ᠵᠢᠭᠠᠨ ᠰᠤᠷᠭᠠᠯᠲᠠ ᠶᠢᠨ ᠠᠭᠤᠰᠤᠯᠴᠠᠭ᠎ᠠ ᠶᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ

ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠡᠷᠡᠭᠯᠡᠭᠡᠨ ᠤ ᠮᠡᠷᠭᠡᠵᠢᠯ ᠤᠨ ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ

ᠳᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ

ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠶ ᠪᠠᠷ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃

     ᠪᠠᠶᠢᠴᠠᠭᠠᠨ ᠰᠣᠳᠤᠯᠬᠤ ᠬᠤᠭᠤᠴᠠᠭᠠᠨ ᠳᠤ᠂ ᠬᠤᠸᠠᠩ ᠶᠠ ᠯᠢ ᠠᠴᠠ ᠡᠯ᠎ᠡ ᠳᠡᠭᠡᠳᠦ ᠰᠤᠷᠭᠠᠭᠤᠯᠢ ᠶᠢᠨ

ᠤᠶᠤᠲᠠᠳ ᠤᠨ ᠰᠤᠷᠭᠠᠭᠤᠯᠢ ᠳᠤ ᠪᠠᠨ ᠪᠤᠴᠠᠬᠤ ᠠᠴᠠ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠬᠤᠯᠪᠤᠭᠳᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠶᠠ ᠯᠢ᠂

ᠡᠯ᠎ᠡ ᠳᠡᠭᠡᠳᠦ ᠰᠤᠷᠭᠠᠭᠤᠯᠢ ᠶᠢᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠴᠠᠭᠠᠰᠢᠲᠠ ᠴᠢᠩᠭᠠᠳᠬᠠᠵᠤ᠂

ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠩ ᠨᠠᠷᠢᠯᠢᠭ ᠣᠨᠣᠴᠠᠲᠠᠶ ᠡᠮᠬᠢ ᠵᠢᠷᠤᠮ ᠲᠠᠢ᠂

ᠨᠠᠩ ᠰᠢᠨᠵᠢᠯᠡᠬᠦ ᠤᠬᠠᠭᠠᠨᠴᠢ ᠪᠦᠲᠦᠮᠵᠢᠲᠡᠶ᠂ ᠨᠠᠩ ᠬᠠᠯᠠᠭᠤᠨ ᠳᠤᠯᠠᠭᠠᠨ ᠬᠦᠴᠦᠲᠡᠶ ᠠᠷᠭ᠎ᠠ ᠬᠡᠮᠵᠢᠶ᠎ᠡ ᠪᠠᠷ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠬᠢᠵᠦ᠂

ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠪᠠ ᠪᠠᠭᠰᠢ ᠰᠤᠷᠤᠭᠴᠢᠳ ᠤᠨ ᠠᠮᠢ ᠨᠠᠰᠤ ᠡᠷᠡᠭᠦᠯ ᠮᠡᠨᠳᠦ ᠶᠢᠨ

ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ

ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠶ

ᠰᠤᠷᠭᠠᠭᠤᠯᠢ ᠪᠠᠶᠢᠴᠠᠭᠠᠭᠴᠢ ᠵᠠᠩ ᠰᠢ ᠷᠦᠩ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ

ᠳᠠᠷᠤᠭ᠎ᠠ ᠴᠢ ᠰᠢᠤ ᠯᠢ ᠨᠡᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号