ᠠᠮᠤᠷ ᠲᠦᠪᠰᠢᠨ ᠤ ᠬᠥᠮᠦᠵᠢᠯ — ᠠᠮᠤᠷ ᠲᠦᠪᠰᠢᠨ ᠠᠮᠠᠷᠠᠯᠲᠠ ᠥᠬᠡᠶ  ᠠᠯᠠᠱᠠ ᠠᠶᠢᠮᠠᠭ ᠤᠨ ᠬᠡᠷ ᠪᠠ ᠰᠤᠷᠭᠠᠭᠤᠯᠢ ᠬᠠᠮᠲᠤᠷᠠᠨ ᠬᠠᠯᠬᠠᠪᠴᠢ ᠬᠡᠷᠡᠮ ᠪᠠᠶᠢᠭᠤᠯᠪᠠ
ᠨᠡᠶᠢᠲᠡᠯᠡᠭᠰᠡᠨ ᠴᠠᠭ᠄
2022/8/3
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠳᠦᠷᠢᠮᠵᠢᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠴᠢᠩᠭ᠎ᠠ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠪᠠ᠃ ᠠᠯᠠᠱᠠ ᠠᠶᠢᠮᠠᠭ ᠤᠨ ᠪᠣᠳᠠᠲᠠᠶ ᠠᠷᠭ᠎ᠠ ᠬᠡᠮᠵᠢᠶ᠎ᠡ ᠶᠢ ᠦᠵᠡᠵᠡᠭᠡᠶ᠎ᠡ︕      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠠ ᠭᠡᠷ ᠤᠨ ᠠᠬᠠᠮᠠᠳ ᠤᠨ ᠬᠠᠷᠢᠭᠤᠴᠠᠯᠭᠠᠲᠤ ᠦᠵᠡᠯ ᠤᠬᠠᠮᠰᠠᠷ ᠢ ᠦᠨᠡᠨ ᠬᠦ  ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢ ᠶᠢᠨ ᠠᠮᠢ ᠨᠠᠰᠤᠨ ᠤ ᠠᠮᠤᠷ ᠲᠦᠪᠰᠢᠨ ᠪᠠ ᠲᠣᠭᠲᠠᠭᠤᠨ ᠢ ᠦᠨᠡᠨ ᠬᠦ ᠪᠠᠲᠤᠯᠠᠬᠤ ᠶᠢᠨ ᠲᠥᠯᠦᠭᠡ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠡᠯ᠎ᠡ ᠬᠤᠰᠢᠭᠤᠨ ︵ᠲᠣᠭᠤᠷᠢᠭ︶ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ  ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠶᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠮᠤᠷ ᠲᠦᠪᠰᠢᠨ ᠤ ᠪᠠᠶᠢᠷᠢᠯᠠᠭᠤᠯᠤᠯᠲᠠ ᠪᠠ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠠᠶᠤᠯᠲᠠᠶ ᠤᠰᠤᠨ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠸᠢᠳᠢᠤ᠋ ᠬᠤᠷᠠᠯ︾ ᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠵᠤᠨ ᠤ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠤᠨ ᠭᠡᠷ ᠤᠨ ᠠᠬᠠᠮᠠᠳ ᠯᠤᠭ᠎ᠠ ᠶᠢᠨ ᠨᠡᠪᠲᠡᠷᠡᠯᠴᠡᠭᠡ ᠪᠠᠨ  ᠴᠢᠩᠭᠠᠳᠬᠠᠵᠤ᠂ ᠭᠡᠷ ᠤᠨ ᠠᠬᠠᠮᠠᠳ ᠢ ᠱᠠᠭᠠᠷᠳᠠᠵᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠰᠤᠷᠤᠭᠴᠢ ᠶᠢᠨ ᠢᠶᠠᠨ ᠵᠤᠨ ᠤ ᠠᠮᠠᠷᠠᠯᠲᠠ ᠶᠢᠨ ᠬᠤᠭᠤᠴᠠᠭᠠᠨ ᠳᠤ ︽ᠬᠠᠮᠢᠭ᠎ᠠ ᠪᠠᠶᠢᠬᠤ᠂ ᠶᠠᠭᠤ ᠬᠢᠵᠦ ᠪᠠᠶᠢᠬᠤ︾ ᠶᠢ ᠮᠡᠳᠡᠵᠦ᠂ ᠬᠡᠦᠬᠡᠳ ᠢᠶᠠᠨ ᠠᠶᠤᠯᠲᠠᠶ ᠤᠰᠤᠨ ᠣᠷᠣᠨ ᠠᠴᠠ ᠬᠤᠯᠠ ᠪᠠᠶᠢᠯᠭᠠᠬᠤ ᠪᠠᠷ ᠵᠢᠯᠣᠭᠤᠳᠬᠤ ᠬᠡᠷᠡᠭᠲᠡᠢ ᠭᠡᠵᠦ ᠱᠠᠭᠠᠷᠳᠠᠪᠠ᠃      ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠰᠤᠨ ᠳᠤ ᠤᠨᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠪᠠ      ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠷᠣᠭᠴᠢ ᠶᠢᠨ ᠤᠰᠤᠨ ᠳᠤ ᠤᠨᠠᠬᠤ ᠶᠢ ᠰᠡᠷᠭᠡᠶᠢᠯᠡᠬᠦ ᠠᠵᠢᠯ ᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠭᠤᠤᠯᠳᠠᠯᠭ᠎ᠠ ᠪᠣᠯᠭᠠᠵᠤ᠂ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠵᠤ᠂ ᠡᠶ᠎ᠡ ᠵᠣᠬᠢᠴᠠᠯᠲᠤ ᠲᠣᠭᠲᠠᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠳᠠᠯ ᠢ ᠪᠥᠬᠦ ᠰᠡᠳᠬᠢᠯ ᠢᠶᠠᠷ ᠢᠶᠠᠨ ᠪᠠᠶᠢᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠬᠡᠷ ᠤᠨ ᠠᠬᠠᠮᠠᠳ᠂ ᠰᠤᠷᠭᠠᠭᠤᠯᠢ ᠶᠢᠨ ᠳᠣᠲᠣᠭᠠᠳᠤ ᠶᠢᠨ ᠤᠬᠠᠭᠤᠯᠭ᠎ᠠ ᠶᠢᠨ ᠪᠤᠯᠤᠩ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠪᠡ᠃ ᠨᠢᠭᠡ ᠳᠤ᠂ ᠰᠦᠯᠵᠢᠶᠡᠨ ᠳᠠᠬᠢ ᠤᠰᠤᠨ ᠳᠤ ᠤᠨᠠᠬᠤ ᠶᠢ ᠰᠡᠷᠭᠡᠶᠢᠯᠡᠬᠦ ᠲᠤᠰᠬᠠᠶ ᠰᠡᠳᠦᠪᠲᠦ ᠬᠥᠮᠦᠵᠢᠯ ᠤᠨ ᠲᠠᠶᠢᠯᠤᠮᠵᠢ ᠶᠢ ᠤᠷᠢᠳ ᠬᠤᠵᠢᠳ 4 ᠤᠳᠠᠭ᠎ᠠ ᠡᠷᠭᠢᠯᠡᠵᠦ᠂ ᠠᠵᠢᠯᠯᠠᠭ᠎ᠠ ᠨᠢ ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠣᠷᠣᠭᠴᠢ᠂ ᠪᠠᠭᠰᠢ ᠵᠢᠴᠢ ᠬᠡᠷ ᠤᠨ ᠠᠬᠠᠮᠠᠳ ᠢ ᠬᠠᠮᠤᠷᠴᠤ᠂ 3 ᠲᠦᠮᠡ ᠭᠠᠷᠤᠶ ᠰᠣᠷᠣᠭᠴᠢ ᠵᠢᠴᠢ ᠬᠡᠷ ᠤᠨ ᠠᠬᠠᠮᠠᠳ ᠭᠥᠯᠢᠶᠡᠨ ᠠᠪᠴᠤ ᠦᠵᠡᠪᠡ᠃ ᠬᠤᠶᠠᠷ ᠲᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠪᠠᠶᠠᠨᠲᠠᠯ᠎ᠠ ᠪᠠᠯᠭᠠᠰᠤᠨ ᠤ ᠭᠠᠵᠠᠷ ᠣᠷᠣᠨ ᠤ ᠠᠷᠪᠠ ᠭᠠᠷᠤᠶ ᠤᠰᠤᠨ ᠴᠥᠭᠦᠷᠥᠮ ᠢ ᠲᠣᠭᠤᠷᠢᠨ ᠪᠠᠶᠢᠴᠠᠭᠠᠵᠤ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠮᠤᠷ ᠲᠦᠪᠰᠢᠨ ᠤ ᠲᠤᠰᠠᠭᠠᠷᠯᠠᠬᠤ ᠲᠤᠤᠷ ᠳᠤᠲᠠᠭᠳᠠᠭᠰᠠᠨ᠂ ᠡᠪᠳᠡᠭᠳᠡᠭᠰᠡᠨ᠂ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠡᠪᠳᠡᠷᠡᠭᠰᠡᠨ᠂ ᠬᠠᠷᠠᠬᠤ ᠬᠠᠮᠠᠭᠠᠯᠠᠭᠴᠢ ᠥᠬᠡᠶ ᠪᠠ ᠲᠣᠭᠤᠷᠢᠨ ᠪᠠᠶᠢᠴᠠᠭᠠᠭᠴᠢ ᠥᠬᠡᠶ ᠵᠡᠷᠭᠡ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ ᠬᠤᠯᠪᠤᠭᠳᠠᠬᠤ ᠰᠠᠯᠠᠭ᠎ᠠ ᠮᠥᠴᠢᠷ ᠢ ᠵᠣᠬᠢᠴᠠᠭᠤᠯᠤᠨ ᠴᠡᠭᠴᠡᠯᠡᠨ ᠥᠭᠡᠷᠡᠴᠢᠯᠡᠬᠦ ᠠᠵᠢᠯ ᠢ ᠨᠠᠶᠢᠳᠠᠪᠤᠷᠢᠵᠢᠭᠤᠯᠪᠠ᠃ ᠭᠤᠷᠪᠠ ᠳᠤ᠂ ᠵᠣᠨ ᠤ ᠠᠮᠠᠷᠠᠯᠲᠠ ᠠᠴᠠ ᠡᠮᠦᠨ᠎ᠡ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠳᠠᠬᠢᠨᠲᠠ ᠥᠷᠨᠢᠭᠦᠯᠵᠦ᠂ ᠬᠡᠷ ᠤᠨ ᠠᠬᠠᠮᠠᠳ ᠤᠨ ᠬᠤᠷᠠᠯ ᠵᠢᠴᠢ ᠬᠡᠷ ᠤᠨ ᠠᠬᠠᠮᠠᠳ ᠲᠤ ᠨᠢᠭᠡ ᠬᠤᠪᠢ ᠵᠠᠬᠢᠳᠠᠯ ᠢᠯᠡᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠣᠷᠣᠭᠴᠢ ᠵᠢᠴᠢ ᠬᠡᠷ ᠤᠨ ᠠᠬᠠᠮᠠᠳ ᠲᠤ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠳᠠᠬᠢᠨ ᠳᠠᠪᠲᠠᠨ ᠬᠢᠵᠦ᠂ ᠬᠡᠷ ᠤᠨ ᠠᠬᠠᠮᠠᠳ ᠲᠤ ᠬᠡᠦᠬᠡᠳ ᠤᠨ ᠢᠶᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠬᠤ ᠬᠡᠷᠡᠭᠲᠡᠶ ᠭᠡᠵᠦ ᠰᠠᠨᠠᠭᠤᠯᠪᠠ᠃

     ᠭᠡᠷ ᠤᠨ ᠠᠬᠠᠮᠠᠳ ᠲᠠᠢ ᠨᠢᠭᠲᠠ ᠬᠠᠷᠢᠯᠴᠠᠵᠤ᠂ ᠬᠠᠮᠲᠤ ᠪᠠᠷ ᠰᠡᠳᠬᠢᠴᠡ ᠶᠢᠨ ᠡᠷᠡᠭᠦᠯ ᠮᠡᠨᠳᠦ ᠶᠢᠨ

ᠬᠥᠮᠦᠵᠢᠯ ᠢ ᠬᠡᠷᠡᠭᠵᠢᠭᠦᠯᠪᠡ

     ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠰᠤᠷᠭᠠᠭᠤᠯᠢ ᠠᠴᠠ ᠬᠡᠷ ᠤᠨ ᠠᠬᠠᠮᠠᠳ ᠢ ᠬᠠᠪᠰᠤᠷᠤᠨ ᠵᠥᠪ

ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠬᠡᠷ ᠪᠦᠯᠢ ᠪᠠ ᠰᠤᠷᠭᠠᠭᠤᠯᠢ ᠬᠤᠯᠪᠣᠭᠠᠯᠠᠨ

ᠬᠥᠳᠡᠯᠦᠯᠴᠡᠬᠦ ᠶᠢ ᠢᠳᠡᠪᠬᠢᠲᠡᠶ ᠰᠠᠶᠢᠲᠤᠷ ᠬᠢᠵᠦ᠂ ︽ᠴᠠᠭ ᠢᠮᠠᠭᠲᠠ ᠰᠡᠳᠬᠢᠯ ᠠᠮᠤᠷ ᠪᠠᠶᠢᠬᠤ︾ ᠬᠠᠷᠢᠭᠤᠴᠠᠯᠭᠠᠲᠤ

ᠰᠡᠳᠬᠢᠯᠭᠡ ᠪᠠᠷ ᠨᠡᠪᠲᠡᠷᠡᠬᠦ ᠠᠭᠤᠯᠭ᠎ᠠ ᠪᠠᠨ ᠨᠠᠷᠢᠯᠢᠭᠵᠢᠭᠤᠯᠵᠤ᠂ ᠨᠡᠪᠲᠡᠷᠡᠬᠦ ᠳᠠᠪᠲᠠᠮᠵᠢ᠂ ᠨᠡᠪᠲᠡᠷᠡᠬᠦ ᠬᠡᠯᠪᠡᠷᠢ ᠪᠠᠨ

ᠰᠢᠯᠤᠭᠤᠳᠬᠠᠵᠤ᠂ ᠨᠡᠪᠲᠡᠷᠡᠬᠦ ᠶᠠᠪᠤᠴᠠ ᠪᠠᠨ ᠲᠡᠭᠦᠯᠳᠡᠷᠵᠢᠭᠦᠯᠪᠡ᠃ ᠠᠩᠭᠢ ᠶᠢᠨ ᠡᠷᠬᠢᠯᠡᠭᠴᠢ ᠪᠠᠭᠰᠢ ᠨᠠᠷ ᠬᠡᠷ ᠲᠤ ᠪᠠᠨ

ᠬᠤᠴᠣᠷᠤᠭᠰᠠᠨ ᠬᠡᠦᠬᠡᠳ᠂ ᠥᠨᠥᠴᠢᠨ ᠥᠷᠥᠭᠡᠰᠦᠨ ᠬᠡᠷ ᠪᠦᠯᠢ ᠪᠣᠯᠤᠨ ᠳᠠᠬᠢᠨ ᠤᠷᠤᠭᠯᠠᠭᠰᠠᠨ ᠬᠡᠷ ᠪᠦᠯᠢ ᠶᠢᠨ

ᠦᠷ᠎ᠡ ᠬᠡᠦᠬᠡᠳ᠂ ᠳᠠᠭᠠᠵᠤ ᠨᠡᠭᠦᠭᠰᠡᠨ ᠦᠷ᠎ᠡ ᠬᠡᠦᠬᠡᠳ᠂ ᠰᠤᠷᠤᠯᠭ᠎ᠠ ᠠᠮᠢᠳᠤᠷᠠᠯ ᠨᠢ ᠬᠦᠴᠢᠷᠳᠡᠯᠲᠡᠶ ᠰᠣᠷᠣᠭᠴᠢ ᠵᠡᠷᠭᠡ

ᠣᠨᠴᠠᠭᠠᠶ ᠬᠠᠮᠲᠤᠯᠢᠭ ᠤᠨ ᠰᠤᠷᠤᠭᠴᠢᠳ ᠤᠨ ᠠᠵᠢᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠡᠯ᠎ᠡ

ᠰᠤᠷᠭᠠᠭᠤᠯᠢ ᠨᠢ ︽ᠨᠢᠭᠡ ᠲᠥᠷᠥᠯ ᠨᠢᠭᠡ ᠬᠡᠷᠡᠭ᠂ ᠨᠢᠭᠡ ᠬᠥᠮᠦᠨ ᠨᠢᠭᠡ ᠠᠷᠭ᠎ᠠ ᠪᠣᠳᠣᠯᠭ᠎ᠠ︾ ᠶᠢᠨ ᠬᠥᠳᠡᠯᠦᠩᠭᠦᠶ

ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠭᠤᠯᠢ ᠪᠠ ᠪᠠᠭᠰᠢ ᠶᠢ ᠵᠢᠯᠣᠭᠤᠳᠴᠤ 5

ᠲᠥᠷᠥᠯ ᠤᠨ ᠰᠣᠷᠣᠭᠴᠢ ᠳᠤ ︽ᠨᠢᠭᠡ ᠪᠠᠷ ᠨᠢᠭᠡ ᠶᠢ ᠳᠠᠭᠠᠭᠤᠯᠬᠤ︾ ᠪᠠᠷ ᠬᠤᠯᠪᠤᠭᠠᠯᠠᠨ ᠳᠠᠭᠠᠭᠠᠴᠢᠯᠠᠭᠤᠯᠵᠤ᠂

ᠬᠠᠨᠳᠤᠯᠭᠠᠲᠠᠢ ᠪᠠᠷ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠵᠢᠯᠣᠭᠤᠳᠴᠤ᠂ ᠣᠨᠴᠠ ᠵᠠᠷᠢᠮ ᠢ ᠬᠠᠪᠰᠤᠷᠤᠨ

ᠳᠡᠳᠬᠦᠵᠦ᠂ ᠰᠡᠳᠬᠢᠯ ᠤᠨ ᠦᠭᠡ ᠪᠠᠨ ᠶᠠᠷᠢᠯᠴᠠᠵᠤ᠂ ᠬᠡᠷ ᠪᠦᠯᠢ ᠶᠢᠨ ᠰᠤᠷᠪᠤᠯᠵᠢᠯᠠᠭ᠎ᠠ ᠬᠢᠬᠦ ᠵᠡᠷᠭᠡ ᠠᠷᠭ᠎ᠠ

ᠬᠡᠮᠵᠢᠶ᠎ᠡ ᠶᠢ ᠠᠪᠴᠤ᠂ ᠮᠥᠷᠳᠡᠨ ᠬᠠᠪᠰᠤᠷᠤᠨ ᠲᠡᠳᠬᠦᠵᠦ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号