ᠠᠮᠤᠷ ᠲᠦᠪᠰᠢᠨ ᠤ ᠬᠥᠮᠦᠵᠢᠯ — ᠰᠢᠯᠢ ᠶᠢᠨ ᠭᠤᠤᠯ ᠠᠶᠢᠮᠠᠭ ᠤᠨ 2022 ᠣᠨ ᠤ ᠵᠣᠨ ᠤ ᠠᠮᠠᠷᠠᠯᠲᠠ ᠶᠢᠨ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ
ᠨᠡᠶᠢᠲᠡᠯᠡᠭᠰᠡᠨ ᠴᠠᠭ᠄
2022/8/3
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠴᠢᠩᠭ᠎ᠠ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠪᠠ᠃ ᠰᠢᠯᠢ ᠶᠢᠨ ᠭᠤᠤᠯ ᠠᠶᠢᠮᠠᠭ ᠤᠨ ᠪᠣᠳᠠᠲᠠᠶ ᠠᠷᠭ᠎ᠠ ᠬᠡᠮᠵᠢᠶ᠎ᠡ ᠶᠢ ᠦᠵᠡᠵᠡᠭᠡᠶ᠎ᠡ︕      ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠳᠤ᠂ ᠰᠢᠯᠢ ᠶᠢᠨ ᠭᠤᠤᠯ ᠠᠶᠢᠮᠠᠭ ᠣᠯᠠᠨ ᠵᠦᠢᠯ ᠤᠨ ᠬᠡᠯᠪᠡᠷᠢ ᠪᠠᠷ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠮᠦᠵᠢᠯ ᠢ ᠪᠥᠬᠦ ᠲᠠᠯ᠎ᠠ ᠪᠠᠷ ᠨᠠᠷᠢᠯᠢᠭ ᠬᠢᠬᠦ ᠶᠢ ᠦᠨᠡᠨ ᠬᠦ ᠪᠠᠲᠤᠯᠠᠪᠠ᠃      ᠳᠡᠭᠡᠳᠦ ᠱᠠᠲᠤᠨ ᠤ ᠵᠤᠨ ᠤ ᠠᠮᠠᠷᠠᠯᠲᠠ ᠶᠢᠨ ᠠᠵᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠤᠷᠢᠵᠢᠭᠤᠯᠪᠠ᠃ ᠲᠦᠷᠦᠭᠦᠬᠡᠨ᠂ ᠪᠥᠬᠦ ᠠᠶᠢᠮᠠᠭ ᠤᠨ ᠪᠠᠭᠰᠢ ᠰᠣᠷᠣᠭᠴᠢ᠂ ᠬᠡᠷ ᠤᠨ ᠠᠬᠠᠮᠠᠳ ᠢ ᠵᠣᠬᠢᠶᠠᠨ ᠪᠠᠶᠢᠭᠤᠯᠵᠤ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠢᠯᠡ ᠪᠣᠯᠭᠠᠬᠤ ᠬᠢᠴᠢᠶᠡᠯ ︽ᠪᠠᠶᠠᠷ ᠪᠠᠶᠠᠰᠤᠯᠲᠤ ᠵᠣᠨ ᠤ ᠠᠮᠠᠷᠠᠯᠲᠠ ᠳᠤ ᠠᠮᠤᠷ ᠲᠦᠪᠰᠢᠨ ᠢ ᠤᠷᠢᠳ ᠢᠶᠠᠷ ᠪᠣᠳᠣᠯᠬᠢᠯᠠᠬᠤ︾ ᠶᠢ ᠬᠠᠮᠲᠤ ᠪᠠᠷ ᠰᠣᠨᠢᠷᠬᠠᠵᠤ᠂ ᠪᠥᠬᠦ ᠠᠶᠢᠮᠠᠭ ᠲᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 11 ᠲᠦᠮᠡ ᠭᠠᠷᠤᠢ ᠰᠣᠷᠣᠭᠴᠢ ᠪᠠ 6 ᠲᠦᠮᠡ ᠭᠠᠷᠤᠶ ᠬᠡᠷ ᠤᠨ ᠠᠬᠠᠮᠠᠳ ᠭᠥᠯᠢᠶᠡᠨ ᠠᠪᠴᠤ ᠦᠵᠡᠪᠡ᠃

     ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠢᠯᠥᠭᠡ ᠲᠠᠯᠪᠢᠬᠤ ᠠᠴᠠ ᠡᠮᠦᠨᠡᠬᠢ ᠠᠮᠤᠷ ᠲᠦᠪᠰᠢᠨ ᠤ

ᠬᠥᠮᠦᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ ᠥᠷᠨᠢᠭᠦᠯᠪᠡ᠃ ᠵᠣᠨ ᠤ ᠠᠮᠠᠷᠠᠯᠲᠠ ᠪᠣᠯᠬᠤ ᠭᠡᠵᠦ ᠪᠠᠶᠢᠭ᠎ᠠ

ᠲᠠᠰᠢᠷᠠᠮ ᠳᠤ ︽2022 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠢ

ᠰᠠᠶᠢᠲᠤᠷ ᠬᠢᠬᠦ ᠲᠤᠬᠠᠶ ᠮᠡᠳᠡᠭᠳᠡᠯ︾ ᠪᠠ ︽ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠥᠮᠦᠵᠢᠯ

 ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠸᠢᠴᠠᠲ ᠤᠨ

ᠣᠯᠠᠨ ᠨᠡᠶᠢᠲᠡ ᠶᠢᠨ ᠳ᠋ᠤᠭᠠᠷ ᠲᠤ ︽2022 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ

ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠤᠬᠠᠢ ᠬᠡᠷ ᠤᠨ ᠠᠬᠠᠮᠠᠳ ᠲᠤ ᠮᠡᠳᠡᠭᠳᠡᠬᠦ ᠪᠢᠴᠢᠭ︾ ᠪᠠ ︽ᠤᠰᠤᠨ ᠳᠤ

ᠤᠨᠠᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠸᠢᠳᠢᠣ᠋︾ ᠶᠢ ᠨᠡᠶᠢᠲᠡᠯᠡᠵᠦ᠂ ᠵᠣᠨ ᠤ ᠠᠮᠠᠷᠠᠯᠲᠠ ᠶᠢᠨ

ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠲᠤᠬᠠᠶ ᠰᠤᠷᠭᠠᠨ ᠬᠥᠮᠦᠵᠢᠯ ᠤᠨ ᠶᠠᠮᠤᠨ᠂ ᠰᠤᠷᠭᠠᠨ

ᠬᠥᠮᠦᠵᠢᠯ ᠤᠨ ᠲᠢᠩᠬᠢᠮ ᠤᠨ ᠮᠡᠳᠡᠭᠳᠡᠯ ᠢ ᠳᠠᠮᠵᠢᠭᠤᠯᠤᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠴᠤ

ᠲᠣᠰ ᠲᠣᠰ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠮᠡᠳᠡᠭᠳᠡᠯ ᠵᠡᠷᠭᠡ ᠠᠵᠢᠯᠯᠠᠭ᠎ᠠ ᠶᠢ    

ᠥᠷᠨᠢᠭᠦᠯᠪᠡ᠃

     ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠠᠮᠠᠷᠠᠯᠲᠠ ᠲᠠᠯᠪᠢᠬᠤ ᠠᠴᠠ ᠡᠮᠦᠨ᠎ᠡ ᠨᠢᠭᠡ ᠤᠳᠠᠭᠠᠨ ᠤ

ᠠᠮᠤᠷ ᠲᠦᠪᠰᠢᠨ ᠤ ᠬᠥᠮᠦᠵᠢᠯ ᠢ ᠲᠥᠪᠯᠡᠷᠡᠭᠦᠯᠦᠨ ᠥᠷᠨᠢᠭᠦᠯᠵᠦ᠂ ᠤᠰᠤᠨ ᠳᠤ ᠤᠨᠠᠬᠤ ᠶᠢ ᠰᠡᠷᠭᠡᠶᠢᠯᠡᠬᠦ᠂ ᠠᠶᠤᠩᠭ᠎ᠠ

ᠴᠠᠬᠢᠯᠭᠠᠨ ᠢ ᠰᠡᠷᠭᠡᠶᠢᠯᠡᠬᠦ᠂ ᠦᠶᠡᠷ ᠤᠨ ᠤᠰᠤ ᠶᠢ ᠰᠡᠷᠭᠡᠶᠢᠯᠡᠬᠦ᠂ ᠮᠡᠬᠡᠯᠡᠯ ᠢ ᠰᠡᠷᠭᠡᠶᠢᠯᠡᠬᠦ᠂ ᠳᠣᠷᠣᠮᠵᠢᠯᠠᠯ ᠢ

ᠰᠡᠷᠭᠡᠶᠢᠯᠡᠬᠦ᠂ ᠰᠡᠳᠬᠢᠴᠡ ᠶᠢᠨ ᠡᠷᠡᠭᠦᠯ ᠮᠡᠨᠳᠦ᠂ ᠢᠳᠡᠭᠡᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠠᠮᠤᠷ

ᠲᠦᠪᠰᠢᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠵᠡᠷᠭᠡ ᠬᠤᠯᠪᠤᠭᠳᠠᠬᠤ ᠮᠡᠳᠡᠯᠭᠡ ᠶᠢᠨ ᠬᠥᠮᠦᠵᠢᠯ ᠢ

ᠭᠤᠣᠯᠳᠠᠯᠭᠠᠲᠠᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂

ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠬᠡᠷ ᠤᠨ ᠠᠬᠠᠮᠠᠳ ᠲᠤ

ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ  ᠭᠦᠢᠴᠡᠳᠭᠡᠵᠦ᠂ ᠰᠤᠷᠤᠭᠴᠢᠳ ᠤᠨ ᠠᠮᠠᠷᠠᠯᠲᠠ ᠶᠢᠨ

ᠬᠤᠭᠤᠴᠠᠭᠠᠨ ᠳᠠᠬᠢ ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠳᠤ

ᠤᠨᠠᠬᠤ᠂ ᠬᠡᠷᠡᠭᠦᠯ ᠵᠣᠳᠣᠭᠠᠨ ᠬᠢᠬᠦ᠂ ᠳᠣᠷᠣᠮᠵᠢᠯᠠᠯ ᠤᠨ ᠬᠡᠷᠡᠭ ᠡᠭᠦᠰᠭᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠦ

ᠰᠠᠨᠠᠭᠤᠯᠪᠠ᠃

     ᠤᠰᠤᠨ ᠳᠤ ᠤᠨᠠᠬᠤ ᠶᠢ ᠰᠡᠷᠭᠡᠶᠢᠯᠡᠬᠦ ᠲᠤᠰᠬᠠᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠤᠷᠬᠠᠶᠢᠯᠠᠪᠠ᠃

ᠬᠡᠷ ᠤᠨ ᠠᠬᠠᠮᠠᠳ ᠢ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠴᠠᠭ ᠢᠮᠠᠭᠲᠠ ᠳᠡᠭᠡᠳᠦ

ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠡᠦᠬᠡᠳ ᠤᠨ ᠢᠶᠠᠨ ᠶᠠᠪᠤᠵᠤ ᠰᠠᠭᠤᠬᠤ ᠪᠠᠶᠢᠳᠠᠯ ᠢ ᠴᠠᠭ ᠢᠮᠠᠭᠲᠠ

ᠡᠵᠡᠮᠰᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠬᠡᠦᠬᠡᠳ ᠢᠶᠠᠨ ᠭᠤᠣᠯ ᠮᠥᠷᠡᠨ ᠨᠠᠭᠤᠷ ᠴᠥᠭᠦᠷᠥᠮ ᠵᠡᠷᠭᠡ

ᠤᠰᠤᠨ ᠤ ᠬᠥᠪᠡᠭᠡ᠂ ᠤᠰᠤᠨ ᠬᠥᠪᠡᠭᠡᠨ ᠳᠡᠭᠡᠷᠡᠬᠢ ᠲᠠᠪᠴᠠᠩ᠂ ᠪᠠᠷᠢᠯᠭ᠎ᠠ ᠶᠢᠨ ᠭᠠᠵᠠᠷ ᠤᠨ ᠤᠰᠤᠨ ᠨᠦᠬᠡ ᠵᠡᠷᠭᠡ

ᠣᠷᠣᠨ ᠣᠷᠣᠨ ᠳᠤ ᠨᠠᠭᠠᠳᠬᠤ ᠦᠭᠡᠢ᠂ ᠠᠯᠢᠶᠠᠯᠠᠬᠤ ᠦᠭᠡᠢ᠂ ᠭᠤᠣᠯ ᠮᠥᠷᠡᠨ᠂ ᠤᠰᠤᠨ ᠴᠥᠭᠦᠷᠥᠮ ᠵᠡᠷᠭᠡ ᠤᠰᠤᠨ

ᠣᠷᠣᠨ ᠳᠤ ᠤᠨᠠᠭᠰᠠᠨ ᠪᠣᠳᠠᠰ ᠢ ᠲᠡᠭᠦᠬᠦ ᠦᠭᠡᠢ᠂ ᠭᠤᠣᠯ ᠴᠥᠭᠦᠷᠥᠮ᠂ ᠤᠰᠤᠨ ᠴᠥᠭᠦᠷᠥᠮ ᠳᠤ ᠭᠠᠷ ᠢᠶᠠᠨ

ᠤᠬᠢᠶᠠᠬᠤ ᠦᠭᠡᠢ᠂ ᠶᠠᠭᠤᠮ᠎ᠠ ᠤᠬᠢᠶᠠᠬᠤ ᠦᠭᠡᠢ᠂ ᠵᠢᠭᠠᠰᠤ ᠮᠡᠯᠡᠬᠡᠢ  ᠪᠠᠷᠢᠵᠤ ᠪᠣᠯᠬᠤ ᠦᠭᠡᠢ ᠭᠡᠵᠦ ᠰᠤᠷᠭᠠᠬᠤ

ᠬᠡᠷᠡᠭᠲᠡᠢ᠃ ᠰᠤᠷᠭᠠᠭᠤᠯᠢ᠂ ᠬᠡᠷ ᠤᠨ ᠠᠬᠠᠮᠠᠳ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠰᠤᠷᠤᠭᠴᠢᠳ ᠲᠤ

︽ᠵᠢᠷᠭᠤᠭᠠᠨ ᠴᠢᠩᠭ᠎ᠠ ᠬᠤᠷᠢᠭᠯᠠᠬᠤ︾ ᠶᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠄ ᠳᠤᠷ᠎ᠠ ᠪᠠᠷ ᠢᠶᠠᠨ ᠤᠰᠤᠨ ᠳᠤ

ᠣᠷᠣᠵᠤ ᠤᠮᠪᠠᠭ᠋ᠤ ᠶᠢ ᠴᠢᠩᠭ᠎ᠠ ᠬᠤᠷᠢᠭᠯᠠᠵᠤ᠂ ᠳᠤᠷ᠎ᠠ ᠪᠠᠷ ᠢᠶᠠᠨ ᠪᠤᠰᠤᠳ ᠲᠠᠢ ᠬᠠᠨᠢᠯᠠᠨ ᠤᠰᠤᠨ ᠳᠤ ᠤᠮᠪᠠᠭ᠋ᠤ ᠶᠢ

ᠴᠢᠩᠭ᠎ᠠ ᠬᠤᠷᠢᠭᠯᠠᠵᠤ᠂ ᠬᠡᠷ ᠤᠨ ᠠᠬᠠᠮᠠᠳ ᠪᠤᠶᠤ ᠪᠠᠭᠰᠢ ᠶᠢᠨ ᠳᠠᠭᠠᠭᠤᠯᠭ᠎ᠠ ᠥᠬᠡᠶ ᠪᠠᠷ ᠤᠰᠤᠨ ᠳᠤ ᠤᠮᠪᠠᠭ᠋ᠤ ᠶᠢ

ᠴᠢᠩᠭ᠎ᠠ ᠬᠤᠷᠢᠭᠯᠠᠵᠤ᠂ ᠠᠮᠤᠷ ᠲᠦᠪᠰᠢᠨ ᠤ ᠲᠥᠬᠦᠭᠡᠷᠦᠮᠵᠢ ᠥᠬᠡᠶ᠂ ᠠᠪᠤᠷᠠᠨ ᠲᠤᠰᠠᠯᠠᠬᠤ ᠬᠥᠮᠦᠨ ᠥᠬᠡᠶ ᠪᠠᠷ

ᠤᠰᠤᠨ ᠳᠤ ᠤᠮᠪᠠᠭ᠋ᠤ ᠶᠢ ᠴᠢᠩᠭ᠎ᠠ ᠬᠤᠷᠢᠭᠯᠠᠵᠤ᠂ ᠰᠠᠶᠢᠨ ᠮᠡᠳᠡᠬᠦ ᠥᠬᠡᠶ ᠤᠰᠤᠨ ᠳᠤ ᠤᠮᠪᠠᠭ᠋ᠤ ᠶᠢ ᠴᠢᠩᠭ᠎ᠠ  

ᠬᠤᠷᠢᠭᠯᠠᠨ᠎ᠠ᠃ ᠣᠨᠴᠠᠭᠠᠶᠢᠯᠠᠨ ᠬᠠᠨᠢ ᠨᠥᠬᠦᠳ ᠨᠢ ᠤᠰᠤᠨ ᠳᠤ ᠤᠨᠠᠪᠠᠯ᠂ ᠰᠣᠬᠤᠷ ᠪᠠᠯᠠᠶ ᠪᠠᠷ ᠭᠠᠷ ᠭᠠᠷ ᠢᠶᠠᠨ

ᠬᠤᠯᠪᠤᠨ ᠠᠪᠤᠷᠠᠬᠤ ᠪᠤᠶᠤ ᠤᠰᠤᠨ ᠳᠤ ᠣᠷᠣᠵᠤ ᠠᠪᠤᠷᠠᠵᠤ ᠪᠣᠯᠬᠤ ᠥᠬᠡᠶ᠂ ᠳᠠᠷᠤᠶ ᠲᠦᠷᠭᠡᠨ ᠲᠣᠮᠣ ᠬᠥᠮᠦᠨ ᠤ

ᠬᠠᠪᠰᠤᠷᠤᠯᠭ᠎ᠠ ᠶᠢ ᠡᠷᠢᠬᠦ ᠬᠡᠷᠡᠭᠲᠡᠶ᠃

     ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠲᠠᠨᠢᠯᠲᠠ ᠪᠠᠨ ᠤᠯᠠᠮ ᠴᠠᠭᠠᠰᠢᠲᠠ ᠳᠡᠭᠡᠭᠰᠢᠯᠡᠭᠦᠯᠵᠦ᠂

ᠤᠰᠤᠨ ᠳᠤ ᠤᠨᠠᠬᠤ ᠬᠡᠷᠡᠭ ᠣᠯᠠᠨ ᠡᠭᠦᠰᠬᠦ ᠳᠤ ᠴᠢᠭᠯᠡᠭᠦᠯᠦᠨ᠂ ᠨᠢᠭᠡ ᠠᠴᠠ ᠨᠥᠭᠦᠭᠡ ᠶᠢ ᠵᠦᠢᠴᠢᠯᠡᠵᠦ᠂

ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠪᠠᠨ ᠴᠢᠩᠭᠠᠳᠬᠠᠵᠤ᠂ ᠬᠠᠨᠳᠤᠯᠭᠠᠲᠠᠢ ᠪᠠᠷ ᠠᠰᠠᠭᠤᠳᠠᠯ ᠢ ᠴᠡᠭᠴᠡᠯᠡᠨ

ᠥᠭᠡᠷᠡᠴᠢᠯᠡᠬᠦ ᠠᠵᠢᠯ ᠢ ᠥᠷᠨᠢᠭᠦᠯᠵᠦ᠂ ᠬᠤᠯᠪᠤᠭᠳᠠᠬᠤ ᠲᠣᠭᠲᠠᠭᠠᠯ ᠪᠠ ᠠᠵᠢᠯ ᠤᠨ ᠲᠥᠰᠦᠯ ᠢ ᠤᠯᠠᠮ ᠨᠢᠭᠡ

ᠠᠯᠬᠤᠮ ᠪᠦᠷᠢᠳᠦᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠭᠡᠶᠢᠯᠡᠬᠦ ᠬᠥᠮᠦᠵᠢᠯ ᠪᠠ ᠬᠠᠮᠢᠶᠠᠷᠤᠯᠲᠠ ᠶᠢ

ᠪᠠᠶᠢᠩᠭᠤᠵᠢᠭᠤᠯᠬᠤ ᠶᠢ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠥᠪᠡᠷ ᠢ ᠪᠠᠨ ᠬᠠᠮᠠᠭᠠᠯᠠᠬᠤ

ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠮᠡᠳᠡᠯᠭᠡ ᠪᠠ ᠤᠷ᠎ᠠ

ᠴᠢᠳᠠᠪᠤᠷᠢ ᠶᠢ ᠡᠵᠡᠮᠰᠢᠵᠦ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠦᠨᠡᠨ ᠬᠦ

ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃

     ᠶᠡᠷᠦᠩᠬᠡᠶᠢᠯᠡᠪᠡᠯ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ

ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠭ᠎ᠠ

ᠱᠤᠭᠤᠮ ᠤᠨ ᠰᠡᠳᠬᠢᠮᠵᠢ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂

ᠤᠰᠤᠨ ᠳᠤ ᠤᠨᠠᠬᠤ ᠶᠢ ᠰᠡᠷᠭᠡᠶᠢᠯᠡᠬᠦ ᠬᠥᠮᠦᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠰᠤᠷᠤᠭᠴᠢᠳ ᠤᠨ

ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂

ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠥᠪᠡᠷ ᠢ ᠪᠠᠨ ᠠᠪᠤᠷᠬᠠᠤ ᠥᠪᠡᠷ ᠢ ᠪᠠᠨ ᠬᠠᠮᠠᠭᠠᠯᠠᠬᠤ

ᠤᠷ᠎ᠠ ᠴᠢᠳᠠᠪᠤᠷᠢ ᠶᠢ ᠴᠢᠩᠭᠠᠳᠬᠠᠵᠤ᠂ ᠬᠡᠷ ᠤᠨ ᠠᠬᠠᠮᠠᠳ ᠤᠨ ᠠᠮᠤᠷ ᠲᠦᠪᠰᠢᠨ ᠢ ᠬᠢᠨᠠᠨ ᠬᠠᠮᠠᠭᠠᠯᠠᠬᠤ

ᠬᠠᠷᠢᠭᠤᠴᠠᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂

ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ

ᠪᠠᠬᠢᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ

ᠦᠨᠡᠨ ᠬᠦ ᠪᠠᠲᠤᠯᠠᠵᠤ᠂ ᠰᠤᠷᠤᠭᠴᠢᠳ ᠤᠨ ᠠᠮᠤᠷ ᠲᠦᠪᠰᠢᠨ ᠡᠷᠡᠭᠦᠯ ᠴᠢᠭᠢᠷᠠᠭ ᠦᠰᠦᠨ ᠪᠤᠶᠢᠵᠢᠬᠤ ᠶᠢ ᠪᠠᠲᠤᠯᠠᠨ᠎ᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号