ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ 2022 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠬᠢᠪᠠ
ᠨᠡᠶᠢᠲᠡᠯᠡᠭᠰᠡᠨ ᠴᠠᠭ᠄
2022/8/30
     8 ᠰᠠᠷ᠎ᠠ ᠶᠢᠨ 29 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ 2022 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠬᠢᠵᠦ᠂ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ ᠪᠤᠳᠢ ᠶᠢ ᠳᠤᠰᠬᠠᠢ ᠰᠡᠳᠦᠪ ᠢᠶᠠᠷ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃

     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ᠂ ᠰᠤᠷᠭᠠᠨ ᠬᠥᠮᠥᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠳ

ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ

ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠤᠯᠠᠨ ᠢᠶᠠᠷ ᠢᠶᠠᠨ᠂ ︽ᠰᠢ ᠶᠢᠨ ᠫᠢᠩ ᠲᠦᠷᠦ ᠶᠢ ᠵᠠᠰᠠᠬᠤ

ᠲᠤᠬᠠᠢ︾ ᠭᠡᠬᠦ ᠨᠣᠮ ᠤᠨ ᠳᠥᠷᠪᠡᠳᠦᠭᠡᠷ ᠪᠤᠳᠢ ᠳᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ

ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠪᠣᠳᠣᠯᠬᠢᠯᠠᠯ ᠪᠠ ᠰᠢᠨᠵᠢᠯᠡᠬᠦ ᠤᠬᠠᠭᠠᠨᠴᠢ ᠮᠠᠭᠠᠳᠯᠠᠯ ᠢ

ᠲᠥᠪᠯᠡᠷᠡᠩᠭᠦᠢ ᠢᠯᠡᠷᠡᠭᠦᠯᠪᠡ᠃ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ

ᠪᠣᠲᠢ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠪᠣᠯ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ

ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂

ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠳᠤ

ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠭᠡᠪᠡ᠃

     ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠰᠢ ᠶᠢᠨ ᠫᠢᠩ ᠲᠦᠷᠦ ᠶᠢ

ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ ᠪᠣᠲᠢ ᠶᠢ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ

ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ︽ᠬᠤᠶᠠᠷ ᠢ ᠲᠣᠭᠲᠠᠭᠠᠬᠤ︾

 ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ

ᠵᠣᠬᠢᠶᠠᠯ ᠤᠨ ᠠᠭᠤᠯᠭ᠎ᠠ ᠶᠢ ᠤᠭ ᠬᠡᠪ ᠢᠶᠠᠷ ᠨᠢ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠮᠠᠷᠺᠰ ᠤᠨ

ᠦᠵᠡᠯ ᠤᠨ ᠣᠭ ᠶᠣᠰᠣ ᠶᠢ ᠭᠦᠨᠵᠡᠭᠡᠶ ᠰᠤᠳᠤᠯᠵᠤ᠂ ᠦᠵᠡᠯ ᠰᠠᠨᠠᠭᠠᠨ ᠤ ᠬᠥᠳᠡᠯᠭᠡᠬᠦ ᠬᠦᠴᠦᠨ ᠢ ᠲᠠᠰᠤᠷᠠᠯᠲᠠ

ᠥᠬᠡᠶ ᠰᠢᠩᠭᠡᠭᠡᠨ ᠠᠪᠴᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ

ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢᠨ ᠲᠠᠯ᠎ᠠ ᠪᠠᠷ ᠬᠤᠰᠢᠭᠤᠴᠢᠯᠠᠵᠤ᠂ ᠥᠯᠢᠭᠡᠷ

ᠳᠠᠭᠤᠷᠢᠶᠠᠯ ᠪᠣᠯᠬᠤ ᠬᠡᠷᠡᠭᠲᠡᠶ᠃ ᠠᠭᠤᠰᠬᠠᠨ ᠨᠡᠪᠲᠡᠷᠡᠭᠦᠯᠬᠦ ᠳᠤ ᠪᠠᠨ ᠴᠢᠳᠠᠮᠠᠭᠠᠢ ᠪᠠᠶᠢᠵᠤ᠂ ᠰᠤᠷᠤᠯᠴᠠᠯᠭ᠎ᠠ ᠶᠢ

ᠬᠥᠭᠵᠢᠶᠡᠨᠲᠡᠢ ᠥᠷᠨᠢᠭᠦᠯᠵᠦ᠂ ᠰᠢᠰᠲ᠋ᠧᠮᠲᠡᠢ ᠪᠣᠯᠪᠠᠰᠤᠷᠠᠭᠤᠯᠤᠯ ᠢ ᠴᠢᠩᠭᠠᠳᠬᠠᠵᠤ᠂ ︽ᠰᠢ ᠶᠢᠨ ᠫᠢᠩ ᠲᠦᠷᠦ ᠶᠢ

ᠵᠠᠰᠠᠬᠤ ᠲᠤᠬᠠᠢ︾ ᠭᠡᠬᠦ ᠨᠣᠮ ᠤᠨ ᠳᠥᠷᠪᠡᠳᠦᠭᠡᠷ ᠪᠤᠳᠢ ᠶᠢ ᠰᠤᠷᠤᠯᠴᠠᠬᠤ ᠶᠢ ᠡᠯ᠎ᠡ ᠱᠠᠲᠤᠨ ᠤ ᠺᠠᠳ᠋ᠷ ᠤᠨ

ᠪᠣᠯᠪᠠᠰᠤᠷᠠᠭᠤᠯᠤᠯ᠂ ᠭᠤᠣᠯᠯᠠᠭᠴᠢ ᠪᠠᠭᠰᠢ ᠶᠢᠨ ᠪᠣᠯᠪᠠᠰᠤᠷᠠᠭᠤᠯᠤᠯ ᠪᠣᠯᠤᠨ ᠰᠤᠷᠤᠭᠴᠢᠳ ᠤᠨ ᠡᠪ ᠬᠠᠮᠲᠤ

ᠵᠠᠯᠠᠭᠤᠴᠤᠳ ᠤᠨ ᠡᠪᠯᠡᠯ ᠪᠠ ᠰᠤᠷᠤᠭᠴᠢᠳ ᠤᠨ ᠵᠦᠪᠯᠡᠯ ᠤᠨ ᠭᠤᠣᠯᠯᠠᠭᠴᠢ ᠶᠢᠨ ᠪᠣᠯᠪᠠᠰᠤᠷᠠᠭᠤᠯᠤᠯ ᠳᠤ

ᠣᠷᠣᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠣᠨᠴᠠᠭᠠᠶᠢᠯᠠᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ

ᠰᠠᠯᠠᠭ᠎ᠠ᠂ ᠴᠢᠳᠠᠪᠤᠷᠢᠲᠠᠨ᠂ ᠤᠨᠤᠯ ᠤᠨ ᠳᠠᠪᠠᠭᠤᠯᠢᠭ ᠢ ᠪᠠᠳᠠᠷᠠᠭᠤᠯᠵᠤ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ

ᠲᠠᠶᠢᠯᠪᠤᠷᠢᠯᠠᠬᠤ᠂ ᠵᠠᠰᠠᠭ ᠢ ᠲᠤᠰᠠᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ

ᠪᠣᠳᠠᠲᠠᠶ ᠲᠠᠢ ᠪᠠᠨ ᠤᠶᠠᠯᠳᠤᠭᠤᠯᠤᠨ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠵᠤ ᠂ ᠪᠥᠬᠦ ᠣᠷᠣᠨ ᠤ ᠰᠤᠷᠭᠠᠨ

ᠬᠥᠮᠦᠵᠢᠯ ᠤᠨ ᠠᠵᠢᠯ ᠤᠨ ᠡᠯ᠎ᠡ ᠵᠦᠢᠯ ᠤᠨ ᠭᠤᠣᠯᠳᠠᠯᠭᠠᠲᠠᠢ ᠡᠭᠦᠷᠭᠡ ᠶᠢᠨ ᠲᠣᠭᠤᠷᠢᠨ ᠳᠤ ᠰᠤᠷᠤᠯᠴᠠᠯᠭ᠎ᠠ ᠶᠢᠨ

ᠦᠷ᠎ᠡ ᠪᠦᠲᠦᠮᠵᠢ ᠶᠢ ᠪᠥᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠳᠠᠲᠤ

ᠠᠵᠢᠯᠯᠠᠭ᠎ᠠ ᠪᠣᠯᠭᠠᠨ ᠦᠨᠡᠨ ᠬᠦ ᠬᠤᠪᠢᠷᠠᠭᠤᠯᠵᠤ᠂ ᠬᠢᠮᠤᠷᠠᠯ ᠠᠴᠠ ᠰᠢᠨ᠎ᠡ ᠠᠵᠠ ᠲᠣᠬᠢᠶᠠᠯ ᠢ ᠪᠣᠶ ᠪᠣᠯᠭᠠᠵᠤ᠂

ᠬᠤᠪᠢᠷᠠᠯᠲᠠ ᠠᠴᠠ ᠰᠢᠨ᠎ᠡ ᠪᠠᠶᠢᠳᠠᠯ ᠢ ᠡᠭᠦᠳᠴᠦ᠂ ᠵᠠᠩᠭᠢᠯᠠᠭ᠎ᠠ ᠶᠢᠨ ᠵᠢᠯ ᠰᠤᠷᠭᠠᠨ ᠬᠥᠮᠦᠵᠢᠯ ᠤᠨ ᠰᠢᠰᠲ᠋ᠧᠮ ᠤᠨ

ᠠᠮᠤᠷ ᠲᠣᠭᠲᠠᠭᠤᠨ ᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ

ᠠᠮᠵᠢᠯᠲᠠᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠱᠠᠭᠠᠷᠳᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠳᠤᠭᠤᠶᠢᠯᠠᠩ᠂ ᠨᠠᠮ ᠤᠨ ᠬᠤᠷᠢᠶᠠᠨ ᠤ ᠲᠢᠩᠬᠢᠮ ᠤᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ  

ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号