ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠴᠤᠭᠯᠠᠷᠠᠯ ᠵᠢᠴᠢ ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠨᠢᠭᠡᠴᠢ ᠶᠢ ᠰᠢᠯᠭᠠᠷᠠᠭᠤᠯᠤᠭᠰᠠᠨ ᠳ᠋ᠦᠩ ᠤᠨ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/8/5
     ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠡᠷᠲᠡᠭᠡᠨ ᠵᠠᠰᠠᠬᠤ ᠣᠷᠣᠨ ᠤ ︿ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠴᠤᠭᠯᠠᠷᠠᠯ﹀ ︿ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ﹀ ᠤᠨ ᠪᠠᠶᠢᠭᠤᠯᠤᠯᠲᠠ ᠶᠢᠨ ᠲᠥᠯᠦᠪᠯᠡᠭᠡᠨ ᠤ ᠳᠥᠰᠦᠯ ᠲᠣᠭᠲᠠᠭᠠᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠰᠤᠷᠭᠠᠨ ᠠᠵᠢᠯ ᠮᠡᠷᠭᠡᠵᠢᠯ ᠨᠠᠰᠤᠨ ᠳᠤ ᠬᠦᠷᠦᠭᠰᠡᠳ ᠪᠢᠴᠢᠭ ﹇2021﹈ 61 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠤᠷᠭᠠᠭᠤᠯᠢ ᠠᠴᠠ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ᠂ ᠬᠤᠷᠠᠯ ᠠᠴᠠ ᠬᠢᠨᠠᠨ ᠳᠣᠭᠲᠠᠭᠠᠬᠤ ᠪᠠᠷ ᠳᠡᠮᠵᠢᠨ᠂ ᠳᠣᠭᠲᠠᠭᠠᠬᠤ ᠪᠠᠷ ᠪᠠᠶᠢᠭ᠎ᠠ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠯᠲᠠ ᠶᠢᠨ ᠨᠢᠭᠡᠴᠢ 15᠂ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢᠨ ᠨᠢᠭᠡᠴᠢ 35︔ ᠳᠣᠭᠲᠠᠭᠠᠬᠤ ᠪᠠᠷ ᠪᠠᠶᠢᠭ᠎ᠠ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠨᠢᠭᠡᠴᠢ 42᠂ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠨᠢᠭᠡᠴᠢ 126 ᠪᠠᠶᠢᠬᠤ ᠶᠢᠨ ᠬᠠᠮᠲᠤ ᠲᠠᠰ ᠲᠣᠭᠲᠠᠭᠠᠬᠤ ᠪᠠᠷ ᠪᠠᠶᠢᠨ᠎ᠠ᠃ ᠡᠳᠦᠭᠡ ᠨᠡᠷᠡᠰ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ 5 ᠠᠵᠢᠯᠯᠠᠬᠤ ᠡᠳᠦᠷ ᠪᠣᠯᠤᠨ᠎ᠠ ︵2022 ᠣᠨ ᠤ 8 ᠰᠠᠷ᠎ᠠ ᠶᠢᠨ 4 — 8 ᠰᠠᠷ᠎ᠠ ᠶᠢᠨ 10 ᠤ ᠡᠳᠦᠷ︶᠃      ᠢᠯᠡ ᠨᠡᠶᠢᠲᠡᠯᠡᠬᠦ ᠬᠤᠭᠤᠴᠠᠭᠠᠨ ᠳᠤ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶᠢᠲᠡᠯᠡᠭᠰᠡᠨ ᠵᠦᠢᠯ ᠳᠤ ᠰᠠᠨᠠᠯ ᠲᠠᠢ ᠪᠣᠯ ᠪᠢᠴᠢᠭ ᠢᠶᠠᠷ ᠲᠤᠰᠬᠠᠬᠤ ᠶᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠪᠠ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠢ ᠬᠠᠩᠭᠠᠬᠤ ᠬᠡᠷᠡᠭᠲᠡᠢ᠃ ᠬᠤᠪᠢ ᠬᠥᠮᠦᠨ ᠰᠠᠨᠠᠯ ᠳᠤᠷᠠᠳᠪᠠᠯ᠂ ᠡᠷᠬᠡᠪᠰᠢ ᠪᠢᠴᠢᠭ ᠢᠶᠠᠷ ᠳᠤᠰᠬᠠᠬᠤ ᠰᠠᠨᠠᠯ ᠳᠤᠷᠠᠳᠤᠭᠰᠠᠨ ᠮᠠᠲ᠋ᠧᠷᠢᠶᠠᠯ ᠳᠤ ᠦᠨᠡᠨ ᠨᠡᠷ᠎ᠡ ᠪᠠᠨ ᠪᠢᠴᠢᠬᠦ ᠬᠡᠷᠡᠭᠲᠡᠶ︔ ᠨᠢᠭᠡᠴᠢ ᠶᠢᠨ ᠨᠡᠷ᠎ᠡ ᠪᠠᠷ ᠰᠠᠨᠠᠯ ᠳᠤᠷᠠᠳᠪᠠᠯ᠂ ᠡᠷᠬᠡᠪᠰᠢ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃      ᠬᠠᠷᠢᠯᠴᠠᠬᠤ ᠬᠥᠮᠦᠨ᠄ ᠴᠠᠩ ᠬᠤᠸᠠ ᠪᠢᠨ      ᠬᠠᠷᠢᠯᠴᠠᠬᠤ ᠤᠲᠠᠰᠤ᠄ 0471 - 2857032      ᠳᠠᠭᠠᠯᠳᠤᠭᠤᠯᠤᠯ᠄      1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢᠨ ᠨᠢᠭᠡᠴᠢ ᠶᠢᠨ ᠲᠥᠰᠦᠯ ᠲᠣᠭᠲᠠᠭᠠᠬᠤ ᠪᠠᠷ ᠪᠠᠶᠢᠭ᠎ᠠ ᠨᠡᠷᠡᠰ      2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠨᠢᠭᠡᠴᠢ ᠶᠢᠨ  ᠲᠥᠰᠦᠯ ᠲᠣᠭᠲᠠᠭᠠᠬᠤ ᠪᠠᠷ ᠪᠠᠶᠢᠭ᠎ᠠ ᠨᠡᠷᠡᠰ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2022 ᠣᠨ ᠤ 8 ᠰᠠᠷ᠎ᠠ ᠶᠢᠨ 4 ᠤ ᠡᠳᠦᠷᠳᠠᠭᠠᠯᠳᠤᠭᠤᠯᠤᠯ᠄1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢᠨ ᠨᠢᠭᠡᠴᠢ ᠶᠢᠨ ᠲᠥᠰᠦᠯ ᠲᠣᠭᠲᠠᠭᠠᠬᠤ ᠪᠠᠷ ᠪᠠᠶᠢᠭ᠎ᠠ ᠨᠡᠷᠡᠰ.docx 2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠨᠢᠭᠡᠴᠢ ᠶᠢᠨ  ᠲᠥᠰᠦᠯ ᠲᠣᠭᠲᠠᠭᠠᠬᠤ ᠪᠠᠷ ᠪᠠᠶᠢᠭ᠎ᠠ ᠨᠡᠷᠡᠰ.docx
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号