ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2022 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/9/1
     ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠡᠩᠨᠡᠭᠡᠨ ᠤ ᠳᠤᠰᠬᠠᠶᠢᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠨ ᠪᠠᠲᠤᠯᠠᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠡᠩᠨᠡᠭᠡᠨ ᠤ ᠪᠣᠯᠪᠠᠰᠤᠷᠠᠭᠤᠯᠤᠯ ᠢ ᠰᠤᠳᠤᠯᠤᠨ ᠰᠤᠷᠤᠯᠴᠠᠬᠤ ᠲᠥᠪ ︵ᠬᠠᠷᠪᠢᠨ ᠪᠠᠭᠰᠢ ᠶᠢᠨ ᠶᠡᠭᠡ ᠰᠤᠷᠭᠠᠭᠤᠯᠢ︶ ᠲᠤ 2022 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠬᠠᠷᠪᠢᠨ ᠤ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠡᠩᠨᠡᠭᠡᠨ ᠤ ᠪᠣᠯᠪᠠᠰᠤᠷᠠᠭᠤᠯᠤᠯ ᠢ ᠰᠤᠳᠤᠯᠤᠨ ᠰᠤᠷᠤᠯᠴᠠᠬᠤ ᠲᠥᠪ ︵ᠬᠠᠷᠪᠢᠨ ᠪᠠᠭᠰᠢ ᠶᠢᠨ ᠶᠡᠭᠡ ᠰᠤᠷᠭᠠᠭᠤᠯᠢ︶ ᠤᠨ ᠪᠠᠶᠢᠩᠭᠤ ᠶᠢᠨ ᠳᠡᠳ᠋ ᠡᠷᠬᠢᠯᠡᠭᠴᠢ ᠭᠦᠸᠧ ᠯᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠵᠠᠨ ᠹᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃

     ᠪᠣᠯᠪᠠᠰᠤᠷᠠᠭᠤᠯᠤᠯ ᠤᠨ ᠠᠩᠭᠢ ᠬᠠᠷᠠᠮᠥ᠋ᠷᠡᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ

ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷ ᠡᠤ ᠶᠦᠩ ᠴᠧᠨ︔ ᠬᠠᠷᠪᠢᠨ ᠤ ᠪᠠᠭᠰᠢ ᠶᠢᠨ ᠶᠡᠭᠡ

ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠸᠠᠩ ᠹᠦ᠋ ᠰᠢᠩ︔ ᠬᠠᠷᠠᠮᠥ᠋ᠷᠡᠨ

ᠮᠤᠵᠢ ᠶᠢᠨ ᠨᠠᠮ ᠤᠨ ᠬᠤᠷᠢᠶᠠᠨ ᠤ ᠬᠠᠤᠯᠢ ᠲᠣᠭᠲᠠᠭᠠᠯ ᠤᠨ ᠲᠠᠰᠤᠭ ᠤᠨ ᠡᠷᠬᠢᠯᠡᠭᠴᠢ ᠬᠥᠩ ᠪᠢᠩ︔ ᠬᠠᠷᠪᠢᠨ ᠤ

ᠢᠨᠵᠧᠨᠧᠷᠢᠩ ᠤᠨ ᠶᠡᠭᠡ ᠰᠤᠷᠭᠠᠭᠤᠯᠢ ᠶᠢᠨ ᠨᠠᠮ ᠵᠠᠰᠠᠭ ᠤᠨ ᠠᠯᠪᠠᠨ ᠬᠡᠷ ᠤᠨ ᠡᠷᠬᠢᠯᠡᠭᠴᠢ ᠯᠢᠦᠶ ᠺᠠᠶ ᠳ᠋ᠦᠩ ᠵᠡᠷᠭᠡ

ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ ᠣᠨᠣᠯ ᠤᠨ ᠵᠢᠭᠠᠨ ᠰᠤᠷᠭᠠᠯᠲᠠ ᠪᠠ ᠬᠡᠷᠡᠭ ᠤᠨ ᠵᠢᠱᠢᠶᠡᠨ ᠤ

ᠵᠠᠳᠠᠯᠤᠯᠲᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ

ᠬᠥᠮᠦᠵᠢᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ

ᠪᠠᠶᠢᠭᠤᠯᠤᠯᠲᠠ ᠪᠠ ᠠᠯᠪᠠᠨ ᠪᠢᠴᠢᠭ ᠵᠣᠬᠢᠶᠠᠨ ᠪᠢᠴᠢᠬᠦ᠂ ᠠᠯᠪᠠᠨ ᠪᠢᠴᠢᠭ ᠰᠢᠢᠳᠪᠦᠷᠢᠯᠡᠬᠦ᠂ ᠠᠯᠪᠠᠨ ᠪᠢᠴᠢᠭ

ᠶᠠᠪᠤᠭᠤᠯᠬᠤ ᠲᠦᠷᠢᠮ ᠵᠡᠷᠭᠡ ᠲᠠᠯ᠎ᠠ ᠪᠠᠷ ᠬᠢᠴᠢᠶᠡᠯ ᠣᠷᠣᠭᠤᠯᠪᠠ᠃

     ᠣᠯᠠᠨ ᠢᠶᠠᠷ ᠢᠶᠠᠨ᠂ ᠡᠨᠡ ᠤᠳᠠᠭᠠᠨ ᠤ ᠪᠣᠯᠪᠠᠰᠤᠷᠠᠭᠤᠯᠤᠯ ᠨᠢ ᠪᠥᠬᠦ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠤᠨ ᠠᠯᠪᠠᠨ ᠬᠡᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠭᠤᠷᠪᠠ ᠳᠤ ᠦᠢᠯᠡᠴᠢᠯᠡᠬᠦ︾

ᠬᠢᠷᠢ ᠲᠦᠪᠰᠢᠨ ᠢ ᠳᠡᠭᠡᠭᠰᠢᠯᠡᠭᠦᠯᠦᠨ᠂ ︽ᠭᠤᠷᠪᠠ ᠶᠢ ᠭᠦᠢᠴᠡᠳᠭᠡᠬᠦ︾ ᠴᠢᠳᠠᠪᠤᠷᠢ ᠶᠢ ᠪᠠᠲᠤᠳᠬᠠᠵᠤ᠂ ᠠᠯᠪᠠᠨ ᠬᠡᠷ ᠤᠨ

ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠮᠠᠰᠢ ᠶᠡᠭᠡ ᠠᠰᠢᠭᠲᠠᠶ ᠶᠤᠮ ᠭᠡᠵᠡᠭᠡᠪᠡ᠃ ᠡᠨᠡ

ᠤᠳᠠᠭᠠᠨ ᠤ ᠰᠤᠷᠤᠯᠴᠠᠯᠭ᠎ᠠ ᠪᠠᠷ ᠰᠢᠨ᠎ᠡ ᠭᠠᠷᠤᠭ᠎ᠠ᠂ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠰᠠᠶᠢᠨ ᠵᠥᠪᠯᠡᠭᠴᠢ

ᠲᠤᠰᠠᠯᠠᠭᠴᠢ ᠪᠣᠯᠬᠤ ᠪᠠᠷ ᠴᠢᠷᠮᠠᠶᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂

ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠠᠯᠪᠠᠨ ᠭᠡᠷ ᠤᠨ ᠴᠢᠬᠤᠯᠠ ᠠᠵᠢᠯ ᠢ ᠰᠠᠶᠢᠲᠤᠷ ᠬᠢᠵᠦ᠂ ᠰᠢᠨ᠎ᠡ

ᠪᠠᠶᠢᠳᠠᠯ ᠳᠠᠬᠢ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠭᠡᠷ ᠤᠨ ᠠᠵᠢᠯ ᠤᠨ ᠴᠢᠳᠠᠪᠤᠷᠢ ᠶᠢ ᠲᠠᠰᠤᠷᠠᠯᠳᠠ

ᠦᠭᠡᠢ ᠳᠡᠭᠡᠭᠰᠢᠯᠡᠭᠦᠯᠬᠦ ᠬᠡᠷᠡᠭᠲᠡᠢ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠪᠥᠬᠦ ᠣᠷᠣᠨ ᠤ ᠰᠤᠷᠭᠠᠨ

ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠠᠵᠢᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠶᠠᠨ ᠤ ᠠᠯᠪᠠᠨ ᠬᠡᠷ ᠤᠨ

ᠠᠵᠢᠯ ᠤᠨ ᠲᠤᠬᠠᠶ ︽ᠲᠠᠪᠤ ᠶᠢ ᠪᠠᠷᠢᠮᠲᠠᠯᠠᠬᠤ︾ ᠤᠯᠤᠰ ᠲᠥᠷᠥ ᠶᠢᠨ ᠱᠠᠭᠠᠷᠳᠠᠯᠭ᠎ᠠ ᠳᠤ ᠠᠩᠬᠠᠷᠤᠯ ᠢᠶᠠᠨ

ᠲᠥᠪᠯᠡᠷᠡᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠂

ᠰᠢᠯᠢᠳᠡᠭ ᠰᠤᠷᠲᠠᠯ ᠢ ᠪᠠᠳᠠᠷᠠᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ

ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ

ᠬᠡᠷᠡᠭᠲᠡᠶ᠃ ᠤᠬᠠᠮᠰᠠᠷ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠰᠢᠮᠳᠠᠭᠤᠯᠤᠨ ᠪᠠᠶᠢᠴᠠᠭᠠᠬᠤ ᠡᠭᠦᠷᠭᠡ

ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃

ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠠᠷᠠᠯᠠᠯᠲᠤ ᠴᠢᠨᠠᠷ᠂ ᠵᠦᠩᠨᠡᠯᠲᠦ ᠴᠢᠨᠠᠷ ᠢ ᠴᠢᠩᠭᠠᠳᠬᠠᠨ᠂

ᠵᠢᠷᠤᠮᠵᠢᠭᠤᠯᠬᠤ᠂ ᠨᠠᠷᠢᠯᠢᠬᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ︽ᠴᠠᠭ ᠢᠮᠠᠭᠲᠠ ᠰᠡᠳᠬᠢᠯ ᠠᠮᠤᠷ ᠦᠭᠡᠢ

ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ︽ᠪᠠᠲᠤ ᠴᠢᠩᠭ᠎ᠠ ᠡᠮᠦᠨ᠎ᠡ ᠬᠠᠷᠠᠭᠤᠯ︾ ᠪᠠ ︽ᠳᠣᠲᠤᠭᠠᠲᠤ ᠪᠠᠨ

ᠪᠠᠬᠢᠵᠢᠭᠦᠯᠬᠦ︾ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ

ᠭᠡᠵᠦ ᠴᠢᠬᠤᠯᠠᠴᠢᠯᠠᠪᠠ᠃

     ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶

 ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ ᠤᠨ ᠲᠢᠩᠬᠢᠮ ᠤᠨ ᠰᠢᠭᠤᠳ ᠬᠠᠷᠢᠶ᠎ᠠ ᠠᠵᠢᠯ

ᠦᠢᠯᠡᠰ ᠤᠨ ᠨᠢᠭᠡᠴᠢ ᠶᠢᠨ ᠠᠯᠪᠠᠨ ᠭᠡᠷ ᠤᠨ ᠡᠷᠬᠢᠯᠡᠭᠴᠢ 70 ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号