ᠰᠦᠨ ᠱᠤᠤ ᠴᠧᠩ ᠠᠵᠢᠯ ᠠᠴᠠ ᠪᠠᠨ ᠠᠮᠠᠷᠠᠭᠰᠠᠨ ᠪᠠᠭᠰᠢ ᠯᠦᠸᠧ ᠯᠢᠶᠣᠤ ᠹᠦ᠋ ᠶᠢ ᠪᠣᠯᠭᠤᠭᠠᠨ ᠲᠣᠬᠤᠨᠢᠭᠤᠯᠵᠤ ᠪᠦᠬᠦ ᠣᠷᠣᠨ ᠤ ᠥᠷᠭᠡᠨ ᠣᠯᠠᠨ ᠪᠠᠭᠰᠢ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠠᠢ
ᠨᠡᠶᠢᠲᠡᠯᠡᠭᠰᠡᠨ ᠴᠠᠭ᠄
2022/9/13
     ᠭᠤᠴᠢᠨ ᠨᠠᠢᠮᠠᠳᠠᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠯᠦᠸᠧ ᠯᠢᠶᠣᠤ ᠹᠦ᠋ ᠶᠢ ᠳᠣᠲᠣᠨᠣ ᠪᠠᠷ ᠪᠣᠯᠭᠤᠭᠠᠨ ᠲᠣᠬᠤᠨᠢᠭᠤᠯᠪᠠ᠃

     ᠡᠨᠡ ᠵᠢᠯ 87 ᠨᠠᠰᠤᠲᠠᠶ ᠯᠦᠸᠧ ᠯᠢᠶᠣᠤ ᠹᠦ᠋ ᠫᠷᠤᠹᠧᠰᠰᠤᠷ ᠪᠣᠯ ᠮᠠᠨ ᠤ ᠤᠯᠤᠰ ᠤᠨ ᠠᠯᠳᠠᠷᠲᠤ

ᠣᠨᠣᠯ ᠤᠨ ᠹᠢᠽᠢᠺ ᠤᠨ ᠤᠬᠠᠭᠠᠨᠲᠠᠨ ᠪᠠ ᠣᠨᠣᠯ ᠤᠨ ᠠᠮᠢᠳᠤ ᠪᠣᠳᠠᠰ ᠤᠨ ᠹᠢᠽᠢᠺ ᠤᠨ ᠤᠬᠠᠭᠠᠨᠲᠠᠨ ᠪᠣᠯᠤᠨ᠎ᠠ᠃

ᠦᠳᠡ ᠶᠢᠨ ᠡᠮᠦᠨᠡᠬᠢ 9 ᠴᠠᠭ ᠤᠨ ᠠᠯᠳᠠ ᠪᠠᠷ᠂ ᠰᠦᠨ ᠱᠤᠤ ᠴᠧᠩ ᠯᠦᠸᠧ ᠯᠢᠶᠣᠤ ᠹᠦ᠋ ᠶᠢᠨ ᠭᠡᠷ ᠲᠤ ᠬᠦᠷᠴᠦ᠂

ᠠᠬᠠᠮᠠᠳ ᠫᠷᠤᠹᠧᠰᠰᠤᠷ ᠤᠨ ᠪᠡᠶ᠎ᠠ ᠯᠠᠬᠱᠠᠨ ᠲᠤᠩᠭᠠᠯᠠᠭ ᠪᠦᠭᠡᠳ ᠴᠤᠭ ᠵᠢᠪᠬᠤᠭ᠎ᠠ ᠲᠠᠢ ᠪᠠᠶᠢᠬᠤ ᠶᠢ ᠬᠠᠷᠠᠭᠠᠳ

ᠮᠠᠰᠢ ᠪᠠᠶᠠᠷᠯᠠᠪᠠ᠃ ᠰᠦᠨ ᠱᠤᠤ ᠴᠧᠩ᠂ ᠪᠠᠭᠰᠢ ᠶᠢᠨ ᠪᠠᠶᠠᠷ ᠬᠦᠷᠴᠦ ᠢᠷᠡᠯ᠎ᠠ᠂ ᠪᠢᠳᠡ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠲᠠᠨ ᠢ ᠡᠷᠬᠢᠨ ᠦᠵᠡᠵᠦ᠂ ᠲᠠ

ᠪᠣᠯᠤᠨ ᠪᠥᠬᠦ ᠣᠷᠣᠨ ᠤ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ

ᠡᠳᠦᠷ ᠤᠨ ᠵᠥᠩᠨᠡᠯ ᠪᠠ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠤ ᠪᠠᠶᠢᠨ᠎ᠠ᠃ ᠲᠠ ᠪᠣᠯ ᠢᠲᠡᠭᠡᠯ

ᠬᠦᠨᠳᠦ ᠲᠠᠢ ᠠᠬᠠᠮᠠᠳ ᠪᠠᠭᠰᠢ ᠪᠤᠯᠤᠨ᠎ᠠ᠂ 60 ᠭᠠᠷᠤᠶ ᠵᠢᠯ ᠤᠨ ᠲᠤᠷᠰᠢ ᠬᠢᠯᠢ ᠬᠢᠵᠠᠭᠠᠷ ᠣᠷᠣᠨ ᠳᠤ

ᠦᠨᠳᠦᠰᠦᠯᠡᠵᠦ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠮᠥᠨ ᠬᠦ ᠰᠢᠨᠵᠢᠯᠡᠬᠦ ᠤᠬᠠᠭᠠᠨ ᠤ ᠰᠤᠳᠤᠯᠭᠠᠨ ᠪᠠ

ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠢ ᠪᠠᠲᠤ ᠰᠠᠬᠢᠵᠤ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠨᠢ ᠴᠢᠩ

ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ ᠭᠡᠵᠡᠢ᠃ ᠰᠦᠨ ᠱᠤᠤ ᠴᠧᠩ ᠳᠠᠷᠤᠤ ᠬᠢᠴᠢᠶᠡᠩᠭᠦᠢ ᠪᠠᠷ ᠠᠬᠠᠮᠠᠳ

ᠫᠷᠤᠹᠧᠰᠰᠤᠷ ᠠᠴᠠ ᠰᠤᠷᠭᠠᠨ ᠬᠥᠮᠦᠵᠢᠯ ᠪᠣᠯᠤᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠬᠢ ᠰᠠᠨᠠᠯ

ᠰᠠᠨᠠᠭᠤᠯᠭ᠎ᠠ ᠶᠢ ᠨᠢ ᠠᠰᠠᠭᠤᠵᠤ᠂ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ

ᠬᠠᠯᠠᠮᠵᠢᠯᠠᠨ ᠠᠰᠠᠭᠤᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠨᠠᠰᠤᠲᠠᠨ ᠤ ᠠᠮᠢᠳᠤᠷᠠᠯ ᠢ ᠰᠠᠶᠢᠲᠤᠷ

ᠬᠠᠷᠠᠭᠠᠯᠵᠠᠬᠤ ᠬᠡᠷᠡᠭᠲᠡᠢ ᠭᠡᠵᠦ ᠵᠠᠬᠢᠭᠰᠠᠨ ᠪᠥᠭᠡᠳ ᠨᠠᠰᠤᠲᠠᠨ ᠤ ᠤᠷᠳᠤ ᠨᠠᠰᠤᠯᠠᠵᠤ ᠤᠳᠠᠭᠠᠨ ᠵᠢᠷᠭᠠᠬᠤ ᠶᠢ

ᠵᠥᠩᠨᠡᠪᠡ᠃

     ᠯᠦᠸᠧ ᠯᠢᠶᠣᠤ ᠹᠦ᠋ ᠫᠷᠤᠹᠧᠰᠰᠤᠷ ᠤᠨ ᠭᠡᠷ ᠠᠴᠠ ᠠᠶᠠᠷᠯᠠᠭᠰᠠᠨ ᠤ ᠳᠠᠷᠠᠭ᠎ᠠ᠂ ᠰᠦᠨ ᠱᠤᠤ ᠴᠧᠩ

ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠲᠤ᠂ ᠪᠠᠭᠰᠢ ᠪᠣᠯ ᠰᠤᠷᠭᠠᠨ ᠬᠥᠮᠦᠵᠢᠯ ᠢ ᠡᠷᠬᠢᠯᠡᠬᠦ

ᠦᠨᠳᠦᠰᠦ ᠮᠥᠨ᠂ ᠪᠢᠳᠡᠡ ᠤ ᠬᠥᠭᠵᠢᠭᠰᠡᠨ ᠭᠠᠵᠠᠷ ᠣᠷᠣᠨ ᠯᠤᠭ᠎ᠠ ᠶᠢᠨ ᠵᠥᠷᠢᠶ᠎ᠡ ᠪᠤᠯ ᠳᠠᠷᠤᠢ ᠴᠢᠳᠠᠪᠤᠷᠢᠲᠠᠨ

ᠪᠣᠯᠤᠨ ᠪᠠᠭᠰᠢ ᠶᠢᠨ ᠡᠩᠨᠡᠭᠡᠨ ᠤ ᠲᠦᠪᠰᠢᠨ ᠳᠡᠭᠡᠷ᠎ᠡ ᠪᠠᠶᠢᠨ᠎ᠠ᠂ ᠪᠢᠳᠡ ᠡᠷᠬᠡᠪᠰᠢ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠥᠷᠭᠡᠨ ᠤᠯᠠᠨ ᠪᠠᠭᠰᠢ ᠶᠢ ᠬᠠᠯᠠᠮᠵᠢᠯᠠᠨ ᠬᠠᠶᠢᠷᠠᠯᠠᠵᠤ᠂

ᠨᠡᠶᠢᠭᠡᠮ ᠲᠠᠶᠠᠭᠠᠷ ᠲᠤ ᠪᠠᠭᠰᠢ ᠶᠢ ᠬᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ

ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号