ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢ ᠪᠣᠯᠪᠠᠰᠤᠷᠠᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/9/15
     ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠡᠦᠬᠡ ᠶᠢᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠦᠭᠡ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠵᠣᠨ ᠤ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠪᠣᠯᠪᠠᠰᠤᠷᠠᠭᠤᠯᠤᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠪᠣᠯᠪᠠᠰᠤᠷᠠᠭᠤᠯᠤᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠯᠣᠭᠤᠳᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠬᠢᠴᠢᠶᠡᠯ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠬᠤ ᠳᠤ ᠰᠠᠶᠢᠲᠤᠷ ᠪᠡᠯᠡᠳᠬᠡᠯ    ᠬᠢᠪᠠ᠃      ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠯ ᠤᠨ ᠡᠬᠢ ᠪᠠᠶᠠᠯᠢᠭ ᠳᠤ ᠲᠦᠰᠢᠭᠯᠡᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ︽ᠠᠩᠬᠠᠨ ᠤ ᠰᠢᠲᠠᠷ᠎ᠠ︾ ᠶᠢ ᠪᠠᠶᠢᠷᠢᠰᠢᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠴᠢᠭᠯᠡᠯ ᠢ ᠲᠣᠪᠤᠶᠢᠯᠭᠠᠨ ᠬᠥᠲᠦᠯᠦᠨ ᠳᠠᠭᠠᠭᠤᠯᠪᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠭᠤᠷᠪᠠᠨ ᠲᠥᠷᠦᠯ ᠤᠨ ᠬᠢᠴᠢᠶᠡᠯ ᠤᠨ ᠪᠠᠭᠰᠢ᠂ ᠵᠢᠭᠠᠬᠤ ᠶᠢ ᠰᠤᠳᠤᠯᠤᠭᠴᠢ 46 ᠬᠥᠮᠦᠨ ᠢ ᠵᠣᠬᠢᠶᠠᠨ ᠪᠠᠶᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠵᠣᠬᠢᠶᠠᠨ ᠪᠠᠶᠢᠭᠤᠯᠤᠭᠰᠠᠨ ︽ᠰᠢᠨ᠎ᠡ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠦᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ︾ ᠳᠤ ᠣᠷᠣᠯᠴᠠᠭᠤᠯᠵᠤ᠂ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠷᠨᠢᠭᠦᠯᠬᠦ ᠳᠤ ︽ᠴᠠᠭ ᠤᠨ ᠬᠤᠷ᠎ᠠ︾ ᠶᠢ ᠠᠪᠴᠢᠷᠠᠭᠰᠠᠨ ᠪᠠᠶᠢᠨ᠎ᠠ︔ ᠪᠠᠭᠰᠢ ᠨᠠᠷ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠤᠯᠯᠠᠭᠴᠢ ᠪᠠᠭᠰᠢ ᠶᠢᠨ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠪᠣᠯᠪᠠᠰᠤᠷᠠᠭᠤᠯᠤᠯ︾ ᠳᠤ ᠣᠷᠣᠯᠴᠠᠭᠤᠯᠵᠤ᠂ ᠲᠤᠰᠬᠠᠶ ᠮᠡᠷᠭᠡᠵᠢᠯᠲᠡᠨ ᠲᠠᠶᠢᠯᠤᠮᠵᠢ ᠬᠢᠬᠦ᠂ ᠵᠢᠭᠠᠨ ᠰᠤᠷᠭᠠᠯᠲᠠ ᠶᠢᠨ ᠲᠥᠯᠥᠪᠯᠡᠭᠡ ᠶᠢ ᠰᠤᠳᠤᠯᠤᠨ ᠰᠤᠷᠤᠯᠴᠠᠬᠤ ᠪᠠ ᠬᠢᠴᠢᠶᠡᠯ ᠲᠥᠷᠥᠯ ᠤᠨ ᠳᠤᠭᠤᠶᠢᠯᠠᠩ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠬᠢᠴᠢᠶᠡᠯ ᠢ ᠣᠶᠢᠯᠠᠭᠠᠬᠤ ᠴᠢᠳᠠᠪᠤᠷᠢ᠂ ᠬᠢᠴᠢᠶᠡᠯ ᠢ ᠰᠡᠳᠬᠢᠬᠦ ᠴᠢᠳᠠᠪᠤᠷᠢ ᠪᠠ ᠬᠢᠴᠢᠶᠡᠯ ᠤᠨ ᠦᠢᠯᠡᠳᠦᠯᠭᠡ ᠶᠢᠨ ᠴᠢᠳᠠᠪᠤᠷᠢ ᠶᠢ ᠴᠥᠬᠦᠷᠡᠰᠢ ᠥᠬᠡᠶ ᠳᠡᠭᠡᠭᠰᠢᠯᠡᠭᠦᠯᠪᠡ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ 110 ᠪᠠᠭᠰᠢ ᠶᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠤᠯᠵᠤ᠂ ᠥᠷᠭᠡᠨ ᠣᠯᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠬᠥᠲᠥᠯᠥᠨ ᠵᠢᠯᠣᠭᠤᠳᠴᠤ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠭᠤᠯᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠥᠮᠦᠨ ᠢ ᠬᠥᠮᠦᠵᠢᠭᠦᠯᠬᠦ ᠳᠣᠭᠲᠠᠯᠴᠠᠭ᠎ᠠ ᠪᠠ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ ᠠᠵᠢᠯ ᠤᠨ ᠪᠠᠶᠢᠷᠢᠰᠢᠯᠠᠭᠤᠯᠤᠯᠲᠠ ᠶᠢ ᠪᠠᠶᠢᠭᠤᠯᠪᠠ᠃      ᠠᠶᠢᠮᠠᠭ ᠤᠨ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠪᠣᠯᠪᠠᠰᠤᠷᠠᠭᠤᠯᠤᠯ ᠢᠶᠠᠷ ᠰᠠᠭᠤᠷᠢ ᠪᠣᠯᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ︽ᠳᠠᠭᠠᠭᠠᠮᠠᠭᠠᠢ ᠰᠢᠲᠠᠷ᠎ᠠ︾ ᠶᠢ ᠰᠠᠶᠢᠲᠤᠷ ᠲᠠᠯᠪᠢᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠷᠠᠭᠠᠰᠤ ᠶᠢ ᠢᠳᠡᠪᠬᠢᠲᠡᠢ ᠥᠷᠭᠡᠳᠭᠡᠪᠡ᠃ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠡᠬᠢ ᠪᠠᠶᠠᠯᠢᠭ ᠢ ᠢᠳᠡᠪᠬᠢᠲᠡᠶ ᠠᠰᠢᠭᠯᠠᠨ᠂ ︽ᠤᠷᠢᠬᠤ︾ ᠠᠷᠭ᠎ᠠ ᠮᠠᠶ᠋ᠢᠭ ᠢᠶᠠᠷ ᠬᠢᠴᠢᠶᠡᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠨ ᠬᠢᠴᠢᠶᠡᠯ ᠣᠷᠣᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠪᠠᠭᠰᠢ ᠳᠤ ᠲᠤᠰᠬᠠᠶ ᠮᠡᠷᠭᠡᠵᠢᠯᠲᠡᠨ ᠲᠠᠢ ᠨᠢᠭᠤᠷᠲᠠᠨ ᠰᠣᠯᠢᠯᠴᠠᠬᠤ ᠲᠣᠬᠢᠶᠠᠯ ᠬᠠᠩᠭᠠᠪᠠ᠃ ᠤᠯᠤᠰ ᠤᠨ ᠳᠣᠲᠣᠭᠠᠳᠤ ᠶᠢᠨ ᠨᠠᠷᠠᠲᠤ ᠬᠢᠴᠢᠶᠡᠯ ᠤᠨ ᠲᠤᠰᠬᠠᠶ ᠮᠡᠷᠭᠡᠵᠢᠯᠲᠡᠨ ᠢ ᠤᠷᠢᠵᠤ ᠪᠥᠬᠦ ᠠᠶᠢᠮᠠᠭ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠤᠷᠪᠠᠨ ᠲᠥᠷᠥᠯ ᠤᠨ ᠬᠢᠴᠢᠶᠡᠯ ᠤᠨ 82 ᠪᠠᠭᠰᠢ ᠳᠤ ︽ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ︾ ᠢ ᠥᠷᠨᠢᠭᠦᠯᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠠᠲᠤᠯᠠᠬᠤ ᠶᠢ ᠤᠯᠠᠮ ᠨᠢᠭᠡ ᠠᠯᠬᠤᠮ ᠦᠢᠯᠡᠴᠢᠯᠡᠪᠡ᠃      ᠬᠠᠮᠲᠤ ᠪᠠᠷ ᠬᠢᠴᠢᠶᠡᠯ ᠪᠡᠯᠡᠳᠬᠡᠵᠦ ᠰᠤᠳᠤᠯᠤᠨ ᠶᠠᠷᠢᠯᠴᠠᠵᠤ ᠰᠣᠯᠢᠯᠴᠠᠬᠤ ᠪᠠᠷ ᠭᠤᠤᠯᠳᠠᠯᠭ᠎ᠠ ᠪᠣᠯᠭᠠᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ︽ᠵᠠᠩᠭᠢᠯᠠᠭ᠎ᠠ ᠶᠢᠨ ᠰᠢᠲᠠᠷ᠎ᠠ︾ ᠪᠠᠷ ᠰᠠᠶᠢᠲᠤᠷ ᠵᠠᠮᠨᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠪᠣᠯᠪᠠᠰᠤᠷᠠᠭᠤᠯᠤᠯ ᠤᠨ ᠣᠯᠣᠯᠲᠠ ᠢᠶᠠᠨ ᠵᠢᠭᠠᠨ ᠰᠤᠷᠭᠠᠯᠲᠠ ᠶᠢᠨ ᠴᠢᠳᠠᠪᠤᠷᠢ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠪᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ 30 ᠭᠠᠷᠤᠶ ᠪᠠᠭᠰᠢ ᠶᠢ ᠵᠣᠬᠢᠶᠠᠨ ᠪᠠᠶᠢᠭᠤᠯᠵᠤ ︽ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠪᠣᠯᠪᠠᠰᠤᠷᠠᠭᠤᠯᠤᠯ ᠵᠢᠴᠢ ᠵᠠᠪᠠᠯ ᠰᠤᠷᠬᠤ ᠵᠢᠭᠠᠬᠤ ᠮᠠᠲ᠋ᠧᠷᠢᠶᠠᠯ ᠤᠨ ᠬᠢᠴᠢᠶᠡᠯ ᠪᠡᠯᠡᠳᠭᠡᠬᠦ ᠬᠤᠷᠠᠯ︾ ᠳᠤ ᠣᠷᠣᠯᠴᠠᠭᠤᠯᠪᠠ᠃ ᠵᠢᠭᠠᠬᠤ ᠶᠢ ᠰᠤᠳᠤᠯᠤᠭᠴᠢ ᠶᠢᠨ ᠳᠠᠭᠠᠭᠤᠯᠭ᠎ᠠ ᠪᠠᠷ ᠨᠠᠷᠠᠲᠤ ᠪᠠᠭᠰᠢ ᠶᠢᠨ ᠠᠵᠢᠯᠯᠠᠬᠤ ᠭᠠᠵᠠᠷ ᠢᠶᠠᠷ ᠨᠢᠭᠡᠴᠢ ᠪᠣᠯᠭᠠᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠥᠷᠨᠢᠭᠦᠯᠵᠦ᠂ ᠲᠣᠮᠣ ᠨᠢᠭᠡᠴᠢ ᠶᠢᠨ ᠬᠢᠴᠢᠶᠡᠯ ᠪᠡᠯᠡᠳᠬᠡᠬᠦ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ ᠪᠠᠭᠰᠢ ᠶᠢᠨ ᠵᠢᠭᠠᠨ ᠰᠤᠷᠭᠠᠯᠲᠠ ᠶᠢᠨ ᠣᠨᠣᠯᠵᠢᠬᠤᠨ ᠢ ᠦᠷᠭᠦᠯᠵᠢᠯᠡᠨ ᠰᠢᠨᠡᠳᠬᠡᠵᠦ᠂ ᠪᠠᠭᠰᠢ ᠶᠢᠨ ᠵᠢᠭᠠᠨ ᠰᠤᠷᠭᠠᠯᠲᠠ ᠶᠢᠨ ᠠᠷᠭ᠎ᠠ ᠪᠣᠳᠣᠯᠭ᠎ᠠ ᠪᠠ ᠠᠷᠭ᠎ᠠ ᠮᠠᠶ᠋ᠢᠭ ᠢᠶᠠᠨ ᠰᠠᠶᠢᠵᠢᠷᠠᠭᠤᠯᠬᠤ ᠶᠢ ᠠᠬᠢᠭᠤᠯᠤᠨ᠂ ᠤᠯᠤᠰ ᠤᠨ ᠬᠢᠴᠢᠶᠡᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠪᠠᠭᠰᠢ ᠶᠢᠨ ᠰᠢᠨ᠎ᠡ ᠬᠢᠴᠢᠶᠡᠯ ᠤᠨ ᠣᠨᠣᠯᠵᠢᠬᠤᠨ ᠢ ᠨᠠᠷᠢᠯᠢᠭ ᠣᠨᠣᠴᠠᠲᠠᠢ ᠡᠵᠡᠮᠰᠢᠨ᠂ ᠰᠢᠨ᠎ᠡ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠰᠠᠶᠢᠲᠤᠷ ᠣᠶᠢᠯᠠᠭᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃     ︵ᠨᠠᠶᠢᠷᠠᠭᠤᠯᠤᠭᠴᠢ᠄ ᠪᠦᠦ ᠮᠠᠨ ᠰᠢ᠂ ᠵᠧᠩ ᠵᠢᠶᠠ ᠴᠢ  ᠬᠢᠨᠠᠭᠴᠢ᠄ ᠪᠦᠦ ᠭᠧ ᠮᠢᠩ︶
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号