ᠦᠬᠠᠶ ᠬᠤᠲᠠ ᠰᠦᠯᠵᠢᠶᠡᠨ ᠳᠤ ᠨᠡᠷ᠎ᠡ ᠮᠡᠳᠡᠭᠦᠯᠬᠦ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/9/16
     ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ᠂ ᠴᠡᠴᠡᠷᠯᠢᠭ ᠲᠤ ᠣᠷᠣᠬᠤ ᠪᠣᠯ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ  ᠬᠦᠴᠢᠷᠳᠡᠯᠲᠡᠢ ᠠᠰᠠᠭᠤᠳᠠᠯ ᠪᠣᠯᠤᠭᠰᠠᠭᠠᠷ ᠢᠷᠡᠵᠡᠶ᠂ ᠣᠨᠴᠠᠭᠠᠶᠢᠯᠠᠨ ᠴᠡᠴᠡᠷᠯᠢᠭ ᠲᠤ ᠣᠷᠣᠬᠤ ᠦᠶ᠎ᠡ ᠳᠤ ᠮᠥᠷᠯᠡᠨ ᠨᠡᠷ᠎ᠡ ᠮᠡᠳᠡᠭᠦᠯᠬᠦ ᠰᠢᠪᠠᠭ᠎ᠠ ᠰᠤᠭᠤᠯᠤᠨ ᠳ᠋ᠤᠭᠠᠷ ᠠᠪᠬᠤ ᠵᠢᠴᠢ ᠳᠤᠰᠢᠶᠠᠬᠤ ᠭᠡᠷᠡᠴᠢ ᠮᠠᠲ᠋ᠧᠷᠢᠶᠠᠯ ᠣᠯᠠᠨ᠂ ᠬᠢᠨᠠᠨ ᠪᠠᠶᠢᠴᠠᠭᠠᠬᠤ ᠳᠤ ᠴᠠᠭ ᠵᠠᠷᠤᠴᠠᠭᠤᠯᠬᠤ ᠵᠡᠷᠭᠡ ᠠᠰᠠᠭᠤᠳᠠᠯ ᠢ ᠵᠢᠭᠠᠵᠤ ᠪᠣᠢ᠃ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ᠂ ᠴᠡᠴᠡᠷᠯᠢᠭ ᠲᠤ ᠣᠷᠣᠬᠤ ᠶᠠᠪᠤᠴᠠ ᠳᠤ ᠣᠷᠣᠰᠢᠵᠤ ᠪᠠᠶᠢᠭ᠎ᠠ ᠨᠡᠷ᠎ᠡ ᠮᠡᠳᠡᠭᠦᠯᠬᠦ ᠳᠤ ᠰᠥᠨᠢᠵᠢᠨ ᠮᠥᠷᠯᠡᠬᠦ᠂ ᠮᠠᠲ᠋ᠧᠷᠢᠶᠠᠯ ᠣᠯᠠᠨ᠂ ᠭᠦᠶᠦᠬᠦ ᠨᠢ ᠣᠯᠠᠨ᠂ ᠬᠢᠨᠠᠨ ᠪᠠᠶᠢᠴᠠᠭᠠᠬᠤ ᠨᠢ ᠶᠠᠷᠰᠢᠭᠲᠠᠶ ᠵᠡᠷᠭᠡ ᠠᠯᠢ ᠣᠯᠠᠨ ᠠᠰᠠᠭᠤᠳᠠᠯ ᠢ ᠦᠨᠡᠨ ᠬᠦ ᠰᠢᠢᠢᠳᠪᠦᠷᠢᠯᠡᠬᠦ ᠶᠢᠨ ᠲᠥᠯᠥᠭᠡ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ᠂ ᠴᠡᠴᠡᠷᠯᠢᠭ ᠲᠤ ᠣᠷᠣᠬᠤ᠂ ᠣᠨᠴᠠᠭᠠᠶᠢᠯᠠᠨ ᠴᠡᠴᠡᠷᠯᠢᠭ ᠲᠤ ᠣᠷᠣᠬᠤ ᠳᠤ ᠮᠥᠷᠯᠡᠨ ᠨᠡᠷ᠎ᠡ ᠮᠡᠳᠡᠭᠦᠯᠬᠦ ᠰᠢᠪᠠᠭ᠎ᠠ ᠰᠤᠭᠤᠯᠬᠤ ᠬᠦᠴᠢᠷᠳᠡᠯ ᠳᠤ ᠴᠢᠭᠯᠡᠭᠦᠯᠦᠨ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢᠶᠠᠷ ᠳᠣᠲᠣᠭᠠᠳᠤ ᠶᠢ ᠬᠠᠮᠠᠭᠠᠯᠠᠬᠤ᠂ ᠥᠯᠥ ᠬᠥᠳᠡᠯᠬᠦ ᠬᠥᠷᠥᠩᠭᠡ᠂ ᠲᠣᠮᠣ ᠳ᠋ᠠᠶᠢᠲ᠋ᠠ ᠶᠢᠨ ᠲᠥᠪ ᠵᠡᠷᠭᠡ  ᠨᠢᠭᠡᠴᠢ ᠲᠠᠢ ᠬᠠᠮᠲᠤᠷᠠᠨ ᠣᠯᠠᠨ ᠤᠳᠠᠭ᠎ᠠ ᠪᠠᠶᠢᠴᠠᠭᠠᠨ ᠰᠣᠳᠤᠯᠵᠤ᠂ ᠵᠥᠪᠳᠡᠯᠴᠡᠨ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ᠂ ᠴᠡᠴᠡᠷᠯᠢᠭ ᠲᠤ ᠣᠷᠣᠬᠤ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠰᠦᠯᠵᠢᠶᠡᠨ ᠳᠤ ᠨᠡᠷ᠎ᠡ ᠮᠡᠳᠡᠭᠦᠯᠬᠦ ᠰᠢᠰᠲ᠋ᠧᠮ ᠢ ᠨᠢᠭᠡᠳᠦᠯᠲᠡᠶ ᠲᠥᠯᠥᠪᠯᠡᠨ ᠨᠡᠭᠡᠭᠡᠨ ᠬᠥᠭᠵᠢᠭᠦᠯᠵᠦ ᠰᠦᠯᠵᠢᠶᠡᠨ ᠳᠤ ᠬᠡᠷᠡᠭᠯᠡᠪᠡ᠃ ︽ᠦᠬᠠᠶ ᠬᠤᠲᠠ ᠶᠢᠨ ᠬᠥᠮᠦᠨ ᠤ ᠨᠢᠭᠡ ᠨᠠᠰᠤᠨ ᠤ ᠦᠶᠡᠯᠡᠯ ︿ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ﹀ ᠦᠢᠯᠡᠴᠢᠯᠡᠭᠡᠨ ᠤ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ ︵ᠰᠠᠨᠠᠯ ᠬᠤᠷᠢᠶᠠᠬᠤ ᠨᠤᠤᠷᠠᠭ︶︾ ᠪᠠ ︽ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠤ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠬᠠᠢ ᠬᠤᠲᠠ ᠶᠢᠨ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠨ ᠡᠳ᠋ᠯᠡᠵᠦ᠂ ᠬᠤᠯᠪᠣᠭᠠᠯᠠᠨ ᠬᠢᠨᠠᠨ ᠪᠠᠶᠢᠴᠠᠭᠠᠬᠤ ᠵᠡᠷᠭᠡ ᠲᠠᠯ᠎ᠠ ᠪᠠᠷ ᠬᠢ ᠬᠠᠮ ᠬᠦᠴᠦᠨ ᠢ ᠪᠦᠷᠢᠯᠳᠦᠭᠦᠯᠵᠦ᠂ ᠰᠠᠯᠠᠭ᠎ᠠ ᠮᠥᠴᠢᠷ ᠢ ᠨᠢᠭᠲᠠ ᠵᠣᠯᠭᠠᠭᠤᠯᠤᠭᠰᠠᠨ ᠬᠠᠮᠵᠢᠯᠴᠠᠭᠠᠨ ᠤ ᠳᠣᠭᠲᠠᠯᠴᠠᠭ᠎ᠠ ᠶᠢ ᠪᠠᠶᠢᠭᠤᠯᠤᠨ᠂ ᠰᠢᠨ᠎ᠡ ᠰᠣᠷᠣᠭᠴᠢ ᠶᠢᠨ ᠴᠡᠴᠡᠷᠯᠢᠭ‌‍ᠲ᠋ᠤ ᠣᠷᠣᠬᠤ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠵᠢᠴᠢ ᠰᠣᠷᠣᠭᠴᠢ ᠡᠯᠰᠡᠵᠦ ᠰᠤᠷᠭᠠᠭᠤᠯᠢ ᠳᠤ ᠣᠷᠣᠬᠤ ᠠᠵᠢᠯ ᠤᠨ ᠪᠥᠬᠦ ᠶᠠᠪᠤᠴᠠ ᠶᠢ ᠡᠯᠧᠺᠲᠷᠣᠨᠴᠢᠯᠠᠬᠤ ᠶᠢ ᠪᠠᠶᠡᠯᠡᠭᠦᠯᠵᠦ᠂ ᠰᠢᠨ᠎ᠡ ᠰᠤᠷᠤᠭᠴᠢᠳ ᠤᠨ ᠴᠡᠴᠡᠷᠯᠢᠭ ᠲᠤ ᠣᠷᠣᠬᠤ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢᠨ ᠬᠤᠷᠳᠤᠴᠠ ᠶᠢ ᠦᠨᠡᠨ ᠬᠦ ᠪᠥᠲᠦᠮᠵᠢᠲᠡᠢ ᠪᠠᠲᠤᠯᠠᠪᠠ᠃      ᠨᠡᠷ᠎ᠡ ᠮᠡᠳᠡᠭᠦᠯᠬᠦ ᠴᠤᠪᠤᠷᠠᠯ ᠢ ᠰᠢᠯᠢᠳᠡᠭᠵᠢᠭᠦᠯᠵᠦ᠂ ︽ᠨᠢᠭᠡ ᠤᠴᠢᠷ ᠢ ᠨᠢᠭᠡ ᠯᠡ      ᠤᠳᠠᠭ᠎ᠠ ᠳᠤ ᠭᠦᠢᠴᠡᠳᠭᠡᠬᠦ︾ ᠶᠢ ᠭᠦᠨᠵᠡᠭᠡᠶᠢᠷᠡᠭᠦᠯᠪᠡ      ᠥᠩᠭᠡᠷᠡᠭᠰᠡᠨ ᠵᠢᠯ᠂ ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ᠂ ᠬᠡᠦᠬᠡᠳ ᠤᠨ ᠴᠡᠴᠡᠷᠯᠢᠭ ᠲᠤ ᠣᠷᠣᠬᠤ ᠳᠤ ᠥᠯᠥ ᠬᠥᠳᠡᠯᠬᠦ ᠬᠥᠷᠥᠩᠭᠡ ᠶᠢ ᠬᠢᠨᠠᠨ ᠪᠠᠶᠢᠴᠠᠭᠠᠬᠤ᠂ ᠡᠷᠦᠬᠡ ᠠᠮᠠ ᠶᠢᠨ ᠳᠠᠩᠰᠠ ᠶᠢ ᠬᠢᠨᠠᠨ ᠪᠠᠶᠢᠴᠠᠭᠠᠬᠤ᠂ ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ ᠭᠤᠷᠪᠠᠨ ᠭᠤᠭᠴᠤᠭ᠎ᠠ ᠶᠢ ᠥᠩᠭᠡᠷᠡᠭᠡᠬᠦ ᠬᠡᠷᠡᠭᠲᠡᠶ᠃ ᠡᠨᠡ ᠵᠢᠯ᠂ ᠬᠠᠶᠢᠷᠤᠪ ᠤᠨ ᠲᠣᠬᠤᠶ ᠲᠣᠭᠤᠷᠢᠭ ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ ᠶᠠᠪᠤᠴᠠ ᠶᠢ ᠪᠥᠬᠦ ᠬᠦᠴᠦᠨ ᠢᠶᠠᠷ ᠰᠢᠯᠢᠳᠡᠭᠵᠢᠭᠦᠯᠵᠦ᠂ ᠰᠦᠯᠵᠢᠶᠡᠨ ᠭᠠᠳᠠᠨ᠎ᠠ ᠮᠥᠷᠯᠡᠨ ᠨᠡᠷ᠎ᠡ ᠮᠡᠳᠡᠭᠦᠯᠬᠦ᠂ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠵᠡᠷᠭᠡ ᠭᠤᠭᠴᠤᠭ᠎ᠠ ᠶᠢ ᠪᠦᠬᠦᠨ ᠢ ︽ᠰᠦᠯᠵᠢᠶᠡᠨ ᠳᠤ ᠭᠦᠢᠴᠡᠳᠭᠡᠬᠦ︾ ᠪᠠᠷ ᠰᠢᠯᠢᠳᠡᠭᠵᠢᠭᠦᠯᠪᠡ᠃ ᠬᠡᠷ ᠤᠨ ᠠᠬᠠᠮᠠᠳ ᠵᠥᠪᠬᠡᠨ ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠤᠶᠤ ︽ᠮᠥᠩᠬᠡ ᠰᠤᠪᠠᠭ︾ APP ᠳᠠᠬᠢ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠰᠢᠰᠲ᠋ᠧᠮ ᠤᠨ ᠬᠡᠰᠡᠭ ᠢᠶᠠᠷ ᠳᠠᠮᠵᠢᠭᠤᠯᠤᠨ ᠮᠡᠳᠡᠭᠡ ᠵᠠᠩᠭᠢ ᠴᠤᠭᠯᠠᠭᠤᠯᠵᠤ᠂ ᠰᠤᠷᠭᠠᠭᠤᠯᠢ ᠳᠤ ᠣᠷᠣᠬᠤ ᠭᠤᠶᠤᠴᠢᠯᠠᠯ ᠢᠶᠠᠨ ᠲᠤᠰᠢᠶᠠᠪᠠᠯ ᠠᠯᠢ ᠣᠯᠠᠨ ᠨᠡᠷ᠎ᠡ ᠮᠡᠳᠡᠭᠦᠯᠬᠦ ᠭᠤᠭᠴᠤᠭ᠎ᠠ ᠶᠢ ᠪᠡᠶᠡᠯᠡᠭᠦᠯᠵᠦ ᠪᠣᠯᠤᠨ᠎ᠠ᠃ ᠡᠭᠦᠨ ᠤ ᠬᠠᠮᠲᠤ ᠰᠢᠰᠲ᠋ᠧᠮ ᠳᠤ ᠨᠡᠷ᠎ᠡ ᠮᠡᠳᠡᠭᠦᠯᠬᠦ ᠠᠬᠢᠴᠠ ᠶᠢ ᠴᠠᠭ ᠲᠤᠬᠠᠶ ᠳᠤ ᠨᠢ ᠣᠶᠢᠯᠠᠭᠠᠵᠤ᠂ ︽ᠭᠤᠶᠤᠴᠢᠯᠠᠭᠴᠢ ᠪᠣᠶ ᠪᠥᠬᠦᠶ ᠮᠠᠲ᠋ᠧᠷᠢᠶᠠᠯ ᠢᠶᠠᠨ ᠬᠠᠩᠭᠠᠵᠤ︾ ᠪᠠᠶᠢᠭᠰᠠᠨ ᠢ ︽ᠰᠢᠰᠲ᠋ᠧᠮ ᠤᠨ ᠠᠷᠤ ᠲᠠᠪᠴᠠᠩ ᠤᠨ ᠠᠦ᠋ᠲ᠋ᠣ᠋ ᠬᠠᠷᠢᠴᠠᠭᠤᠯᠤᠯ᠂ ᠠᠦ᠋ᠲ᠋ᠣ᠋ ᠬᠢᠨᠠᠨ ᠪᠠᠶᠢᠴᠠᠭᠠᠯᠲᠠ︾ ᠪᠣᠯᠭᠠᠨ ᠰᠢᠯᠢᠳᠡᠭᠵᠢᠭᠦᠯᠵᠦ᠂ ︽ᠰᠦᠯᠵᠢᠶᠡᠨ ᠭᠠᠳᠠᠨ᠎ᠠ ᠮᠥᠷᠯᠡᠨ ᠨᠡᠷ᠎ᠡ ᠮᠡᠳᠡᠭᠦᠯᠬᠦ︾ ᠪᠠᠶᠢᠭᠰᠠᠨ ᠢ ︽ᠰᠦᠯᠵᠢᠶᠡᠨ ᠳᠤ ᠠᠮᠠᠷᠬᠠᠨ ᠮᠡᠳᠡᠭᠦᠯᠬᠦ︾ ᠪᠣᠯᠭᠠᠨ ᠰᠢᠯᠢᠳᠡᠭᠵᠢᠭᠦᠯᠵᠦ᠂ ᠬᠡᠷ ᠤᠨ ᠠᠬᠠᠮᠠᠳ ᠬᠡᠷ ᠠᠴᠠ ᠪᠠᠨ ᠭᠠᠷᠬᠤ ᠥᠬᠡᠶ ᠪᠠᠷ ᠬᠡᠦᠬᠡᠳ ᠲᠤ ᠪᠠᠨ ᠨᠡᠷ᠎ᠡ ᠮᠡᠳᠡᠭᠦᠯᠬᠦ ᠪᠣᠯᠭᠠᠪᠠ᠃      ︽ᠮᠡᠳᠡᠭᠡ ᠵᠠᠩᠭᠢ ᠶᠢᠨ ᠪᠠᠬᠢᠯᠡᠯᠲᠡ︾ ᠶᠢ ᠡᠪᠳᠡᠵᠦ᠂ ᠲᠤᠭ᠎ᠠ ᠪᠠᠷᠢᠮᠲᠠ ᠶᠢ ᠬᠠᠮᠲᠤ        ᠪᠠᠷ ᠡᠳ᠋ᠯᠡᠬᠦ ᠶᠢ ᠪᠡᠶᠡᠯᠡᠭᠦᠯᠪᠡ      ᠥᠩᠭᠡᠷᠡᠭᠰᠡᠨ ᠵᠢᠯ ᠂ ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠠᠪᠴᠤ ᠬᠡᠯᠡᠪᠡᠯ ᠨᠢᠭᠡ ᠵᠦᠢᠯ ᠤᠨ ︽ᠶᠡᠭᠡ ᠠᠵᠢᠯ︾ ᠪᠣᠯᠤᠨ᠎ᠠ᠂ ᠰᠣᠷᠣᠭᠴᠢ ᠶᠢᠨ ᠬᠡᠷ ᠤᠨ ᠠᠬᠠᠮᠠᠳ ᠰᠦᠯᠵᠢᠶᠡᠨ ᠭᠠᠳᠠᠨ᠎ᠠ ᠨᠡᠷ᠎ᠡ ᠮᠡᠳᠡᠭᠦᠯᠬᠦ ᠬᠤᠯᠪᠤᠭᠳᠠᠬᠤ ᠮᠠᠲ᠋ᠧᠷᠢᠶᠠᠯ ᠢ ᠬᠠᠩᠭᠠᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠥᠮᠦᠨ ᠤ ᠬᠦᠴᠦ᠂ ᠪᠣᠳᠠᠰ ᠤᠨ ᠬᠦᠴᠦᠨ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠬᠥᠮᠦᠨ ᠪᠣᠯᠭᠠᠨ ᠤ ᠮᠡᠳᠡᠭᠡ ᠵᠠᠩᠭᠢ ᠶᠢ ᠨᠢᠭᠡ ᠨᠢᠭᠡ ᠪᠠᠷ ᠬᠢᠨᠠᠨ ᠪᠠᠶᠢᠴᠠᠭᠠᠬᠤ ᠴᠢᠬᠤᠯᠠᠲᠠᠶ᠃ ᠡᠨᠡ ᠵᠢᠯ᠂ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠵᠣᠬᠢᠴᠠᠭᠤᠯᠬᠤ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢ ᠳᠠᠩᠰᠠᠯᠠᠭᠰᠠᠨ ᠮᠡᠳᠡᠭᠡ ᠵᠠᠩᠭᠢ᠂ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ ᠶᠢᠨ ᠮᠡᠳᠡᠭᠡ ᠵᠠᠩᠭᠢ᠂ ᠰᠤᠷᠭᠠᠭᠤᠯᠢ ᠶᠢᠨ ᠬᠠᠷᠢᠶᠠᠯᠠᠯ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ︽ᠥᠨᠥᠴᠢᠨ ᠠᠷᠠᠯ︾ ᠪᠠ ᠲᠤᠭ᠎ᠠ ᠪᠠᠷᠢᠮᠲᠠ ᠶᠢᠨ ︽ᠬᠤᠯᠠᠩ︾ ᠢ ᠨᠡᠪᠲᠡᠷᠡᠭᠦᠯᠵᠦ᠂ ᠬᠡᠷ ᠤᠨ ᠠᠬᠠᠮᠠᠳ ᠨᠡᠷ᠎ᠡ ᠮᠡᠳᠡᠭᠦᠯᠬᠦ ᠰᠢᠰᠲ᠋ᠧᠮ ᠳᠤ ᠰᠣᠷᠣᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠨᠣᠮᠧᠷ ᠢᠶᠠᠨ ᠲᠠᠭᠯᠠᠪᠠᠯ᠂ ᠪᠤᠰᠤᠳ ᠮᠡᠳᠡᠭᠡ ᠵᠠᠩᠭᠢ ᠲᠠᠢ ᠠᠶᠠᠨᠳᠠᠭᠠᠨ ᠳᠣᠬᠢᠷᠠᠯᠴᠠᠵᠤ᠂ ᠦᠨᠡᠮᠯᠡᠯ ᠢᠶᠠᠨ ᠠᠪᠬᠤ ᠥᠬᠡᠶ ᠪᠠᠷ ᠡᠷᠦᠬᠡ ᠠᠮᠠ ᠶᠢᠨ ᠲᠠᠩᠰᠠ ᠶᠢᠨ ᠮᠡᠳᠡᠭᠡ ᠵᠠᠩᠭᠢ᠂ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠪᠠ ᠰᠤᠷᠭᠠᠭᠤᠯᠢ ᠶᠢᠨ ᠬᠠᠷᠢᠶᠠᠯᠠᠯ ᠤᠨ ᠮᠡᠳᠡᠭᠡ ᠵᠠᠩᠭᠢ ᠪᠠᠨ ᠰᠢᠯᠵᠢᠭᠦᠯᠦᠨ ᠬᠡᠷᠡᠭᠯᠡᠵᠦ᠂ ᠨᠡᠷ᠎ᠡ ᠮᠡᠳᠡᠭᠦᠯᠬᠦ ᠳᠤ ︽ᠲᠡᠭ︾ ᠮᠠᠲ᠋ᠧᠷᠢᠶᠠᠯ ᠢ ᠦᠨᠡᠨ ᠬᠦ ᠪᠡᠶᠡᠯᠡᠭᠦᠯᠵᠦ᠂ ︽ᠭᠡᠷ ᠤᠨ ᠠᠬᠠᠮᠠᠳ ᠭᠦᠶᠦᠬᠦ︾ ᠶᠢ ︽ᠲᠤᠭ᠎ᠠ ᠪᠠᠷᠢᠮᠲᠠ ᠭᠦᠶᠦᠬᠦ︾ ᠪᠣᠯᠭᠠᠨ ᠬᠤᠪᠢᠷᠠᠭᠤᠯᠪᠠ᠃      ᠰᠦᠯᠵᠢᠶᠡᠨ ᠳᠤ ᠠᠦ᠋ᠲ᠋ᠣ᠋ ᠮᠡᠳᠡᠭᠡ ᠵᠠᠩᠭᠢ ᠶᠢ ᠬᠢᠨᠠᠨ ᠪᠠᠶᠢᠴᠠᠭᠠᠵᠤ᠂ ᠰᠦᠯᠵᠢᠶᠡᠨ        ᠳᠤ ᠰᠢᠪᠠᠭ᠎ᠠ ᠰᠤᠭᠤᠯᠤᠨ ᠳ᠋ᠤᠭᠠᠷ ᠠᠪᠤᠨ᠎ᠠ      ᠡᠬᠢᠯᠡᠭᠦᠯᠦᠭᠰᠡᠨ ᠨᠡᠷ᠎ᠡ ᠮᠡᠳᠡᠭᠦᠯᠬᠦ ᠰᠢᠰᠲ᠋ᠧᠮ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠠᠦ᠋ᠲ᠋ᠣ᠋ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ ᠴᠡᠴᠡᠷᠯᠢᠭ ᠲᠤ ᠣᠷᠣᠬᠤ ᠭᠠᠷᠳᠠᠮ ᠢ ᠪᠥᠬᠦ ᠶᠠᠪᠤᠴᠠ ᠳᠤ ᠰᠦᠯᠵᠢᠶᠡᠨ ᠳᠤ ᠭᠦᠢᠴᠡᠳᠭᠡᠬᠦ ᠶᠢ ᠪᠡᠶᠡᠯᠡᠭᠦᠯᠦᠨ᠂ ᠵᠢᠯ ᠪᠦᠷᠢ ᠪᠠᠭᠰᠢ ᠲᠠᠲᠠᠵᠤ ᠬᠥᠮᠦᠨ ᠤ ᠬᠦᠴᠦ ᠪᠠᠷ ᠬᠢᠨᠠᠨ ᠪᠠᠶᠢᠴᠠᠭᠠᠬᠤ ᠴᠢᠬᠤᠯᠠ ᠥᠬᠡᠶ ᠪᠣᠯᠵᠤ᠂ ᠬᠥᠮᠦᠨ ᠤ ᠬᠦᠴᠦ ᠪᠣᠳᠠᠰ ᠤᠨ ᠬᠦᠴᠦᠨ ᠤ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠠᠰᠬᠠᠵᠤ᠂ ᠪᠤᠷᠤᠭᠤ ᠲᠠᠭᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠪᠤᠷᠤᠭᠤ ᠮᠠᠭᠠᠳᠯᠠᠭᠰᠠᠨ ᠣᠷᠣᠨ ᠵᠠᠶ ᠶᠢ ᠪᠠᠭᠠᠰᠬᠠᠨ᠂ ᠨᠡᠷ᠎ᠡ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠵᠤ᠂ ᠰᠤᠷᠭᠠᠭᠤᠯᠢ ᠳᠤ ᠣᠷᠣᠬᠤ ᠶᠢ ᠨᠠᠩ ᠡᠷᠬᠡ ᠲᠡᠭᠰᠢ᠂ ᠲᠥᠪ ᠭᠤᠤᠯᠴᠢ᠂ ᠢᠯᠡ ᠪᠣᠯᠭᠠᠪᠠ᠃ ᠬᠡᠷ ᠤᠨ ᠠᠬᠠᠮᠠᠳ ᠨᠡᠷ᠎ᠡ ᠮᠡᠳᠡᠭᠦᠯᠦᠭᠰᠡᠨ ᠤ ᠳᠠᠷᠠᠭ᠎ᠠ᠂ ᠰᠦᠯᠵᠢᠶᠡᠨ ᠳᠤ ᠨᠡᠷ᠎ᠡ ᠮᠡᠳᠡᠭᠦᠯᠬᠦ ᠳᠠᠷᠠᠭᠠᠯᠠᠯ ᠶᠣᠰᠤ ᠪᠠᠷ ᠨᠢᠭᠡᠳᠦᠭᠡᠷ ᠡᠷᠡᠮᠡᠯᠵᠡᠯ᠂ ᠬᠤᠶᠠᠳᠤᠭᠠᠷ ᠡᠷᠡᠮᠡᠯᠵᠡᠯ ᠤᠨ ᠰᠢᠪᠠᠭ᠎ᠠ ᠰᠤᠭᠤᠯᠵᠤ  ᠳ᠋ᠤᠭᠠᠷ ᠢ ᠠᠦ᠋ᠲ᠋ᠣ᠋ ᠭᠠᠷᠭᠠᠵᠤ᠂ ᠰᠥᠨᠢᠵᠢᠨ ᠮᠥᠷᠯᠡᠬᠦ ᠠᠰᠠᠭᠤᠳᠠᠯ ᠢ ᠰᠢᠢᠳᠪᠦᠷᠢᠯᠡᠵᠦ᠂ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃      ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠨ ᠯᠠᠪᠯᠠᠬᠤ ᠠᠷᠭ᠎ᠠ ᠵᠠᠮ ᠢ ᠰᠢᠯᠤᠭᠤᠳᠬᠠᠪᠠ      ᠰᠣᠨᠢᠨ ᠮᠡᠳᠡᠭᠡᠨ ᠤ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠬᠡᠷ ᠤᠨ ᠠᠬᠠᠮᠠᠳ ᠤᠨ ᠴᠤᠭᠯᠠᠷᠠᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠣᠷᠣᠭᠴᠢ ᠡᠯᠰᠡᠬᠦ ᠲᠥᠰᠦᠯ᠂ ᠰᠤᠷᠭᠠᠭᠤᠯᠢ ᠶᠢ ᠬᠡᠰᠡᠭ ᠬᠤᠪᠢᠶᠠᠬᠤ᠂ ᠲᠠᠪᠴᠠᠩ ᠤᠨ ᠠᠵᠢᠯᠯᠠᠭᠠᠨ ᠤ ᠵᠦᠭᠯᠡᠭᠦᠷ ᠵᠡᠷᠭᠡ ᠰᠤᠷᠭᠠᠭᠤᠯᠢ ᠳᠤ ᠣᠷᠣᠬᠤ᠂ ᠴᠡᠴᠡᠷᠯᠢᠭ ᠲᠤ ᠣᠷᠣᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠥᠪᠯᠡᠷᠡᠭᠦᠯᠦᠨ ᠨᠡᠶᠢᠲᠡᠯᠡᠵᠦ᠂ ᠰᠤᠷᠭᠠᠨ ᠬᠥᠮᠦᠵᠢᠯ᠂ ᠮᠡᠷᠭᠡᠵᠢᠯ ᠤᠨ ᠵᠦᠪᠯᠡᠯᠭᠡ ᠥᠭᠬᠦ ᠤᠲᠠᠰᠤ ᠶᠢ ᠬᠠᠩᠭᠠᠵᠤ᠂ ᠰᠣᠷᠣᠭᠴᠢ ᠶᠢᠨ ᠬᠡᠷ ᠤᠨ ᠠᠬᠠᠮᠠᠳ ᠲᠤ ᠰᠦᠯᠵᠢᠶᠡᠨ ᠳᠤ ᠨᠡᠷ᠎ᠡ ᠮᠡᠳᠡᠭᠦᠯᠬᠦ ᠪᠥᠬᠦ ᠶᠠᠪᠤᠴᠠ ᠶᠢᠨ ᠲᠤᠬᠠᠢ ᠵᠢᠯᠣᠭᠤᠳᠣᠯᠭ᠎ᠠ ᠬᠢᠵᠦ᠂ ᠬᠡᠷ ᠤᠨ ᠠᠬᠠᠮᠠᠳ ᠤᠨ ᠤᠷᠤᠭᠰᠢᠲᠠᠶ ᠨᠡᠷ᠎ᠡ ᠮᠡᠳᠡᠭᠦᠯᠬᠦ ᠶᠢ ᠦᠨᠡᠨ ᠬᠦ ᠪᠠᠲᠤᠯᠠᠪᠠ᠃ ᠡᠨᠡ ᠵᠢᠯ᠂ ᠬᠠᠶᠢᠷᠤᠪ ᠤᠨ ᠲᠣᠬᠤᠶ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠱᠠᠲᠤᠨ ᠤ ᠵᠣᠬᠢᠬᠤ ᠨᠠᠰᠤᠨ ᠤ 7490 ᠬᠡᠦᠬᠡᠳ ᠤᠨ ᠬᠡᠷ ᠤᠨ ᠠᠬᠠᠮᠠᠳ ᠬᠡᠦᠬᠡᠳ ᠤᠨ ᠴᠡᠴᠡᠷᠯᠢᠭ ᠲᠤ ᠣᠷᠣᠬᠤ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠰᠢᠰᠲ᠋ᠧᠮ ᠢᠶᠠᠷ ᠰᠦᠯᠵᠢᠶᠡᠨ ᠳᠤ ᠨᠡᠷ᠎ᠡ ᠮᠡᠳᠡᠭᠦᠯᠵᠦ᠂ ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ ᠳᠤ ︽ᠰᠦᠯᠵᠢᠶᠡᠨ ᠳᠤ ᠮᠡᠳᠡᠭᠦᠯᠬᠦ᠂ ᠰᠦᠯᠵᠢᠶᠡᠨ ᠳᠤ ᠬᠢᠨᠠᠨ ᠪᠠᠶᠢᠴᠠᠭᠠᠬᠤ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ︾ ᠶᠢ ᠦᠨᠡᠨ ᠬᠦ ᠪᠡᠶᠡᠯᠡᠭᠦᠯᠪᠡ᠃      ︵ᠨᠠᠶᠢᠷᠠᠭᠤᠯᠤᠭᠴᠢ᠄ ᠪᠦᠦ ᠮᠠᠨ ᠰᠢ᠂ ᠵᠧᠩ ᠵᠢᠶᠠ ᠴᠢ᠂ ᠬᠢᠨᠠᠭᠴᠢ᠄ ᠪᠦᠦ ᠭᠧ ᠮᠢᠩ︶
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号