ᠸᠠᠩ ᠯᠢ ᠰᠢᠶᠠ ᠬᠡᠦᠬᠡᠳ ᠤᠳ ᠲᠠᠢ ᠬᠠᠮᠲᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2022/9/2
     9 ᠰᠠᠷ᠎ᠠ ᠶᠢᠨ 1 ᠤ ᠡᠳᠦᠷ ᠪᠣᠯ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰ ᠡᠳᠦᠷ ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠡᠦᠬᠡᠳ ᠤᠳ ᠲᠠᠢ ᠬᠠᠮᠲᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠠᠵᠢᠯᠯᠠᠭᠠᠨ ᠳᠤ ᠤᠷᠤᠯᠴᠠᠪᠠ᠃    

     ᠸᠠᠩ ᠯᠢ ᠰᠢᠶᠠ ᠤᠷᠢᠳ ᠬᠤᠵᠢᠳ ᠬᠥᠬᠡᠬᠤᠲᠠ ᠶᠢᠨ ᠰᠢᠯᠢ ᠶᠢᠨ ᠭᠤᠤᠯ ᠡᠮᠦᠨ᠎ᠡ ᠵᠠᠮ ᠤᠨ ᠪᠠᠭ᠎ᠠ

ᠰᠤᠷᠭᠠᠭᠤᠯᠢ ᠶᠢᠨ ᠶᠦᠩ ᠲᠠᠢ ᠴᠧᠩ ᠰᠠᠭᠤᠭᠠᠯᠢ ᠠᠷᠠᠳ ᠤᠨ ᠲᠤᠭᠤᠷᠢᠭ ᠲᠠᠬᠢ ᠬᠤᠪᠢᠶᠠᠷᠢ ᠰᠤᠷᠭᠠᠭᠤᠯᠢ ᠪᠣᠯᠤᠨ

ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ᠂

ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠲᠣᠭᠤᠷᠢᠨ ᠦᠵᠡᠵᠦ᠂

ᠬᠡᠦᠬᠡᠳ ᠤᠳ ᠲᠠᠢ ᠬᠠᠮᠲᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠰ ᠮᠡᠲᠤ ᠲᠤᠳᠤᠨᠤ︾ ᠭᠡᠬᠦ

ᠭᠤᠣᠯ ᠰᠡᠳᠦᠪᠲᠦ ᠶᠣᠰᠣ ᠰᠤᠷᠲᠠᠬᠤᠨ ᠬᠢᠭᠡᠳ ᠬᠠᠤᠯᠢᠵᠢᠯ ᠤᠨ ᠬᠢᠴᠢᠶᠡᠯ᠂ ᠲᠡᠦᠬᠡ ᠶᠢᠨ ᠬᠢᠴᠢᠶᠡᠯ ᠪᠣᠯᠤᠨ ᠬᠡᠯᠡ

ᠪᠢᠴᠢᠭ ᠤᠨ ᠬᠢᠴᠢᠶᠡᠯ ᠳᠤ ᠤᠷᠤᠯᠴᠠᠭᠰᠠᠨ ᠪᠦᠭᠡᠳ ᠪᠠᠭᠰᠢ ᠰᠤᠷᠤᠭᠴᠢᠳ ᠲᠠᠢ ᠬᠤᠷᠰᠢᠯᠴᠠᠵᠤ ᠰᠠᠨᠠᠯ ᠢᠶᠠᠨ

ᠰᠣᠯᠢᠯᠴᠠᠪᠠ᠃

     ᠸᠠᠩ ᠯᠢ ᠰᠢᠶᠠ ᠬᠡᠦᠬᠡᠳ ᠤᠳ ᠲᠤ᠂ ᠦᠨᠳᠦᠰᠦᠲᠡᠨ ᠪᠦᠬᠦᠨ ᠴᠥᠮ ᠡᠬᠡ ᠤᠯᠤᠰ ᠤᠨ ᠶᠡᠭᠡ ᠭᠡᠷ

ᠪᠦᠯᠢ ᠶᠢᠨ ᠨᠢᠭᠡ ᠭᠡᠰᠢᠭᠦᠨ ᠮᠥᠨ᠂ ᠬᠡᠦᠬᠡᠳ ᠨᠢᠭᠡ ᠪᠦᠷᠢ ᠴᠥᠮ ᠡᠬᠡ ᠤᠯᠤᠰ ᠤᠨ ᠶᠡᠭᠡ ᠭᠡᠷ ᠪᠦᠯᠢ ᠶᠢᠨ ᠬᠤᠪᠤᠷ

ᠡᠷᠳᠡᠨᠢ ᠮᠥᠨ᠃ ᠡᠬᠡ ᠤᠯᠤᠰ ᠤᠨ ᠶᠡᠭᠡ ᠭᠡᠷ ᠪᠦᠯᠢ ᠶᠢᠨ ᠬᠥᠭᠵᠢᠯ ᠪᠠᠳᠠᠷᠠᠯ ᠨᠢ ᠦᠨᠳᠦᠰᠦᠲᠡᠨ ᠨᠦᠭᠦᠳ

ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ

ᠬᠥᠭᠵᠢᠬᠦ ᠶᠢ ᠱᠠᠭᠠᠷᠳᠠᠨ᠎ᠠ ᠭᠡᠵᠦ ᠬᠡᠯᠡᠪᠡ᠃ ᠲᠡᠷᠡ ᠬᠡᠦᠬᠡᠳ ᠤᠳ ᠢ ᠰᠠᠶᠢᠲᠤᠷ ᠰᠤᠷᠤᠯᠴᠠᠵᠤ᠂ ᠡᠷᠳᠡᠮ ᠴᠢᠳᠠᠪᠤᠷᠢ

ᠬᠤᠷᠠᠮᠳᠤᠭᠤᠯᠵᠤ᠂ ᠰᠢᠷᠭᠠᠭᠤ ᠬᠠᠲᠠᠭᠤᠵᠢᠯᠲᠠᠢ ᠪᠠᠷ ᠡᠷᠳᠡᠮ ᠮᠡᠳᠡᠯᠭᠡ ᠰᠤᠷᠴᠤ᠂ ᠪᠦᠬᠦ ᠲᠠᠯ᠎ᠠ ᠪᠠᠷ ᠬᠥᠭᠵᠢᠵᠦ᠂

ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠤᠨ ᠦᠰᠦᠨ ᠪᠤᠶᠢᠵᠢᠭᠠᠷᠠᠢ᠂ ᠠᠭᠤᠤ ᠶᠡᠭᠡ ᠡᠬᠡ ᠤᠯᠤᠰ ᠢᠶᠠᠨ ᠨᠡᠩ

ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠸᠠᠩ ᠯᠢ ᠰᠢᠶᠠ ᠪᠠᠰᠠ

ᠪᠠᠭᠰᠢ ᠨᠠᠷ ᠲᠤ ᠬᠡᠦᠬᠡᠳ ᠤᠨ ᠣᠶᠢᠯᠠᠭᠠᠮᠵᠢᠲᠠᠶ ᠦᠭᠡ ᠬᠡᠯᠡ ᠪᠠᠷ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠢᠶᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ ᠮᠡᠲᠦ ᠳᠣᠲᠣᠨᠣ

ᠪᠠᠶᠢᠬᠤ ᠶᠣᠰᠣ ᠤᠴᠢᠷ ᠢ ᠲᠣᠳᠣᠷᠬᠠᠶ ᠶᠠᠷᠢᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ

ᠲᠠᠨᠢᠯᠲᠠ︾ ᠶᠢᠨ ᠦᠵᠡᠯ ᠰᠠᠨᠠᠭ᠎ᠠ ᠪᠣᠯᠤᠨ ︽ᠳᠥᠷᠪᠡ ᠶᠢ ᠬᠠᠮᠲᠤᠳᠬᠠᠬᠤ︾ ᠣᠶᠢᠯᠠᠭᠠᠭᠳᠠᠬᠤᠨ ᠢ ᠬᠡᠦᠬᠡᠳ ᠤᠳ ᠤᠨ

ᠰᠡᠳᠭᠢᠯ ᠳᠤ ᠭᠦᠨ ᠬᠠᠳᠠᠩᠰᠢᠭᠤᠯᠬᠤ ᠬᠡᠷᠡᠭᠲᠡᠶ ᠭᠡᠵᠦ ᠵᠠᠬᠢᠪᠠ᠃

 

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ

ᠨᠠᠮ ᠤᠨ ᠬᠤᠷᠢᠶᠠᠨ ᠤ ᠱᠦᠵᠢ ᠪᠣᠤ ᠭᠠᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号